ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠠᠬᠢᠭᠤᠯᠬᠤ ᠬᠤᠯᠪᠣᠭᠳᠠᠯ | ᠪᠦᠬᠦᠢ ᠠᠵᠢᠯ᠂ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ | ᠠᠮᠤᠷ ᠲᠦᠪᠰᠢᠨ ᠤ ᠳᠠᠯᠳᠠ ᠬᠡᠮ ᠢ ᠪᠦᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯ ᠦᠷᠨᠢᠭᠦᠯᠬᠦ ᠶᠢ ᠪᠠᠶᠢᠷᠢᠯᠠᠭᠤᠯᠪᠠ᠃ | ᠬᠤᠷᠠᠯ ᠳᠤ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ | ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠴᠢᠬᠤᠯᠠ ᠶᠡᠭᠡ ᠠᠵᠢᠯ ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠨᠠᠶᠢᠳᠠᠪᠤᠷᠢᠵᠢᠭᠤᠯᠤᠨ | ᠪᠤᠲᠠᠲᠠᠶᠢᠵᠢᠭᠤᠯᠬᠤ ᠶᠢ ᠰᠠᠶᠢᠲᠤᠷ ᠠᠳᠬᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ | ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠵᠣᠬᠢᠴᠠᠯᠳᠤᠨ ᠬᠤᠯᠪᠣᠯᠳᠤᠬᠤ ᠶᠢ ᠴᠢᠩᠭᠠᠳᠬᠠᠨ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠪᠠᠷ ᠬᠦᠴᠦᠯᠡᠵᠦ᠂ ᠨᠡᠩ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠤᠮᠳᠠ | ᠬᠡᠰᠡᠭ ᠤᠨ ᠭᠠᠵᠠᠷ ᠣᠷᠣᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ | ᠬᠤᠪᠢᠷᠠᠭᠤᠯᠬᠤ ᠶᠢ ᠲᠡᠮᠵᠢᠵᠤ᠂ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ | ᠬᠡᠷᠡᠭᠲᠡᠢ ᠭᠡᠵᠡᠢ᠃ | ᠬᠤᠷᠠᠯ ᠳᠤ᠂ ᠠᠵᠤ ᠠᠬᠤᠶᠢᠯᠠᠯ ᠤᠨ ᠳᠠᠩᠰᠠᠨ ᠵᠣᠭᠤᠰ ᠢ ᠦᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠨᠢ ᠬᠤᠳᠠᠯᠳᠤᠭᠠᠨ ᠤ ᠣᠷᠴᠢᠨ | ᠨᠦᠬᠦᠴᠡᠯ ᠤᠨ ᠰᠠᠶᠢᠵᠢᠷᠠᠯᠲᠠ ᠲᠠᠢ ᠬᠤᠯᠪᠣᠭᠳᠠᠵᠤ᠂ ᠠᠵᠤ ᠠᠬᠤᠢ ᠶᠢᠨ ᠰᠠᠶᠢᠵᠢᠷᠠᠯᠲᠠ ᠶᠢᠨ ᠶᠡᠭᠡ ᠲᠠᠯ᠎ᠠ ᠲᠠᠢ ᠬᠤᠯᠪᠣᠭᠳᠠᠵᠤ᠂ ᠵᠠᠰᠠᠭ ᠤᠨ ᠣᠷᠳᠣᠨ ᠤ | ᠳᠦᠷᠢ ᠲᠥᠷᠬᠦ ᠪᠠ ᠨᠡᠶᠢᠲᠡ ᠳᠤ ᠢᠲᠡᠭᠡᠭᠦᠯᠬᠦ ᠬᠦᠴᠦᠨ ᠲᠠᠢ ᠬᠤᠯᠪᠣᠭᠳᠠᠨ᠎ᠠ᠃ ᠥᠷᠢ ᠰᠢᠷᠢ ᠶᠢ ᠠᠷᠢᠯᠭᠠᠬᠤ ᠲᠤᠰᠬᠠᠢ ᠠᠵᠢᠯᠯᠠᠭ᠎ᠠ ᠶᠢ ᠴᠢᠨᠠᠷ ᠰᠠᠶᠢᠲᠠᠢ | ᠠᠬᠢᠭᠤᠯᠵᠤ᠂ ᠣᠳᠣᠬᠠᠨ ᠤ ᠥᠷᠢ ᠰᠢᠷᠢ ᠶᠢ ᠠᠷᠢᠯᠭᠠᠬᠤ ᠬᠡᠷᠡᠭᠲᠡᠢ ᠮᠥᠷᠲᠡᠭᠡᠨ ᠪᠠᠰᠠ ᠬᠦᠴᠦ ᠣᠷᠣᠭᠤᠯᠵᠤ ᠪᠠᠶᠢᠭᠠᠳ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ︽ᠴᠡᠪᠡᠷᠯᠡᠬᠦ ᠶᠢᠨ ᠳᠠᠭᠠᠤ ᠥᠷᠢᠲᠦᠬᠦ︾᠂ ︽ᠴᠡᠪᠡᠷᠯᠡᠭᠰᠡᠨ ᠴᠦ ᠳᠠᠬᠢᠭᠠᠳ ᠥᠷᠢᠲᠦᠬᠦ︾ ᠶᠢ ᠡᠷᠡᠰ | ᠬᠤᠷᠢᠭᠯᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠪᠠ ᠲᠣᠮᠣ | ᠬᠡᠯᠪᠡᠷᠢ ᠶᠢᠨ ᠠᠵᠤ ᠠᠬᠤᠶᠢᠯᠠᠯ ᠨᠢ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠥᠷᠢ ᠲᠠᠢ ᠭᠤᠣᠯ ᠴᠣᠭᠴᠠ ᠶᠢᠨ ᠲᠣᠭᠲᠠᠭᠠᠯ ᠠᠴᠠ ᠵᠦᠷᠢᠴᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠨᠡᠮᠡᠭᠳᠡᠭᠦᠯᠵᠦ᠂ | ᠠᠪᠴᠠᠭ᠎ᠠ ᠲᠠᠢ ᠠᠵᠤ ᠠᠬᠤᠶᠢᠯᠠᠯ ᠤᠨ ᠡᠷᠬᠡ ᠪᠠᠨ ᠬᠠᠮᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠤᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠪᠠ ᠢᠨᠵᠧᠨᠧᠷᠢᠩ ᠤᠨ ᠦᠨ᠎ᠡ ᠶᠢᠨ ᠵᠣᠭᠤᠰ ᠢ ᠳ᠋ᠦᠩᠨᠡᠨ ᠪᠣᠳᠣᠬᠤ᠂ ᠬᠤᠳᠠᠯᠳᠤᠭᠠᠨ ᠤ ᠭᠤᠪᠢᠭᠤᠯᠭ᠎ᠠ ᠶᠢᠨ ᠬᠠᠭᠤᠳᠠᠰᠤ ᠶᠢ ᠬᠠᠮᠢᠶᠠᠷᠬᠤ | ᠵᠡᠷᠭᠡ ᠳᠦᠷᠢᠮ ᠲᠣᠭᠲᠠᠭᠠᠯ ᠢ ᠱᠠᠯᠠᠪᠳᠠᠨ ᠲᠡᠭᠦᠯᠳᠡᠷᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠢ ᠲᠦᠷᠭᠡᠨ ᠢᠶᠠᠷ ᠰᠠᠭᠠᠳ | ᠦᠭᠡᠢ ᠠᠵᠢᠯᠯᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ ︽2024 — 2025 ᠣᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ | ᠠᠵᠢᠯᠯᠠᠭ᠎ᠠ ᠶᠢᠨ ᠲᠥᠰᠥᠯ︾ ᠪᠠ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠲᠣᠭᠲᠠᠯᠴᠠᠭ᠎ᠠ ᠶᠢ ᠲᠦᠷᠭᠡᠳᠬᠡᠨ | ᠪᠠᠶᠢᠭᠤᠯᠬᠤ ᠠᠵᠢᠯ ᠤᠨ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠠᠬᠢᠭᠤᠯᠵᠤ᠂ ᠲᠡᠭᠦᠨ ᠢ ᠪᠦᠲᠦᠮᠵᠢᠲᠡᠢ ᠪᠡᠯᠡ ᠣᠷᠣᠭᠤᠯᠤᠯᠲᠠ ᠶᠢ | ᠥᠷᠭᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠵᠡᠷᠭᠡ ᠯᠦᠭᠡ ᠤᠶᠠᠯᠳᠤᠭᠤᠯᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ | ᠬᠡᠷᠡᠭᠯᠡᠭᠡᠨ ᠤ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠤ | ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ | ᠤᠯᠤᠰ ᠤᠨ ᠪᠠᠶᠢᠳᠠᠯ ᠤᠨ ᠪᠤᠲᠠᠲᠠᠢ ᠳᠤ ᠰᠠᠭᠤᠷᠢᠯᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠥᠭᠡᠷᠡᠴᠢᠯᠡᠬᠦ ᠶᠢ ᠪᠠᠷᠢᠮᠲᠠᠯᠠᠵᠤ᠂ ᠠᠵᠢᠯ ᠤᠨ ᠡᠷᠴᠢᠮ | ᠬᠢᠭᠡᠳ ᠠᠶᠢᠵᠠᠮ ᠢ ᠯᠠᠪᠳᠠᠭᠤᠨ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠡᠨᠧᠷᠭᠢ ᠶᠢᠨ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠠᠴᠠ ᠨᠠᠭᠠᠰᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠠᠴᠠ ᠪᠣᠯᠤᠭᠰᠠᠨ | ᠭᠠᠯ ᠤᠨ ᠠᠶᠤᠯ ᠤᠨ ᠠᠳᠡᠯ ᠲᠦᠷᠭᠡᠨ ᠢᠶᠠᠷ ᠨᠡᠮᠡᠭᠳᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ | ᠰᠦᠷᠳᠡᠭᠦᠯᠵᠦ ᠪᠠᠶᠢᠭ᠎ᠠ ᠪᠣᠯᠬᠤᠷ ᠡᠷᠬᠡᠪᠰᠢ ᠵᠣᠷᠢᠭ ᠰᠢᠭᠤᠳᠤᠨ ᠴᠡᠭᠴᠡᠯᠡᠨ ᠵᠠᠰᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠨ᠂ ᠦᠯᠡᠳᠡᠭᠡᠯ ᠲᠦᠭᠰᠢᠭᠦᠷᠢ ᠶᠢ ᠲᠦᠷᠭᠡᠳᠬᠡᠨ ᠠᠷᠢᠯᠭᠠᠵᠤ᠂ ᠨᠡᠮᠡᠭᠳᠡᠯ | ᠲᠦᠭᠰᠢᠭᠦᠷᠢ ᠶᠢ ᠦᠨᠡᠨ ᠬᠦ ᠬᠤᠷᠢᠭᠯᠠᠬᠤ ᠬᠡᠷᠡᠭᠲᠡᠢ᠃ ᠰᠢᠰᠲ᠋ᠧᠮ ᠲᠠᠢ ᠪᠠᠷ ᠵᠠᠰᠠᠬᠤ ᠶᠢ ᠴᠢᠬᠤᠯᠠᠴᠢᠯᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠠ | ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ | ᠬᠡᠷᠡᠭᠯᠡᠬᠦ᠂ ᠵᠣᠭᠰᠤᠭᠠᠬᠤ᠂ ᠴᠡᠨᠡᠭᠯᠡᠬᠦ᠂ ᠬᠡᠷᠡᠭᠯᠡᠭᠡᠨ ᠠᠴᠠ ᠭᠠᠷᠭᠠᠵᠤ ᠬᠤᠷᠢᠶᠠᠨ ᠠᠪᠬᠤ ᠵᠡᠷᠭᠡ ᠡᠯ᠎ᠡ ᠭᠤᠭᠴᠣᠭᠠᠨ ᠤ ᠠᠮᠤᠷ ᠲᠦᠪᠰᠢᠨ ᠤ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠪᠲᠡᠷᠡᠭᠦᠯᠬᠦ ᠪᠠ ᠬᠤᠷᠢᠭᠯᠠᠬᠤ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠢᠵᠢ ᠲᠦᠬᠦᠷ | ᠦᠢᠯᠡᠴᠢᠯᠡᠭᠡ ᠪᠠ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ | ᠬᠡᠯᠬᠢᠶ᠎ᠡ ᠴᠡᠨᠡᠭ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯ ᠢ ᠶᠡᠭᠡ ᠪᠠᠷ ᠠᠬᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠶᠢᠨ ᠬᠠᠮᠲᠤ ᠤᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃ | ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠪᠠ᠃ | |