ᠦᠰᠦᠭ ᠪᠢᠴᠢᠭ ᠢᠶᠠᠷ ᠲᠠᠶᠢᠯᠠᠬᠤᠢ᠄  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ︾ ᠦᠨᠳᠦᠰᠦᠲᠡᠨ ᠤ ᠪᠦᠯᠬᠦᠮᠳᠡᠯ ᠤᠨ ᠮᠡᠳᠡᠯᠭᠡ  ︵ᠨᠢᠭᠡ︶
ᠨᠡᠶᠢᠲᠡᠯᠡᠭᠰᠡᠨ ᠴᠠᠭ᠄
2024/4/17
    ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃    1. ᠶᠠᠭᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠭᠡᠬᠦ ᠪᠣᠶ︖ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠣᠯ ᠨᠠᠮ ᠤᠨ ᠤᠳᠤᠷᠢᠳᠤᠯᠭ᠎ᠠ ᠳᠣᠤᠷ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠦᠨᠳᠦᠰᠦᠲᠡᠨ ᠤ ᠪᠦᠯᠬᠦᠮᠳᠡᠯ ᠪᠠ ᠦᠨᠳᠦᠰᠦᠲᠡᠨ ᠨᠦᠭᠦᠳ ᠤᠨ ᠬᠠᠮᠲᠤ ᠶᠢᠨ ᠳᠠᠪᠰᠢᠯᠲᠠ ᠶᠢ ᠥᠷᠭᠡᠨ ᠢᠶᠠᠷ ᠣᠷᠣᠯᠴᠠᠵᠤ᠂ ᠪᠦᠲᠦᠭᠡᠯᠴᠢ ᠴᠢᠨᠠᠷᠲᠠᠶ ᠪᠠᠷ ᠠᠬᠢᠭᠤᠯᠬᠤ ᠨᠡᠶᠢᠭᠡᠮ ᠤᠨ ᠢᠨᠵᠧᠨᠧᠷᠢᠩ ᠮᠥᠨ᠂ ᠠᠵᠢᠯᠯᠠᠭ᠎ᠠ ᠶᠢᠨ ᠦᠢᠯᠡᠳᠦᠯᠭᠡ ᠪᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃   2. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄    ᠬᠥᠮᠦᠨ ᠤ ᠰᠣᠶᠣᠯ᠂ ᠪᠤᠳᠠᠲᠤ ᠴᠣᠭᠴᠠ᠂ ᠣᠯᠠᠨ ᠲᠦᠮᠡᠨᠴᠢ᠃   3. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠨᠳᠦᠰᠦᠨ ᠠᠷᠭ᠎ᠠ ᠵᠠᠮ ᠪᠣᠯ᠄     ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠨ᠎ᠠ᠃   4. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠬᠦ ᠳᠤ ᠪᠠᠷᠢᠮᠲᠠᠯᠠᠬᠤ ᠣᠶᠢᠯᠠᠭᠠᠭᠳᠠᠬᠤᠨ ᠨᠢ ᠶᠠᠭᠤ ᠪᠣᠢ︖ ᠡᠩ ᠤᠨ ᠦᠶ᠎ᠡ ᠳᠤ ᠪᠠᠶᠢᠬᠤ ᠶᠢ ᠴᠢᠬᠤᠯᠠᠴᠢᠯᠠᠬᠤ᠂ ᠰᠡᠳᠬᠢᠯ ᠢᠶᠠᠨ ᠰᠣᠯᠢᠯᠴᠠᠬᠤ ᠶᠢ ᠴᠢᠬᠤᠯᠠᠴᠢᠯᠠᠬᠤ᠂ ᠦᠢᠯᠡ ᠠᠵᠢᠯᠯᠠᠭ᠎ᠠ ᠶᠢ ᠴᠢᠬᠤᠯᠠᠴᠢᠯᠠᠬᠤ᠂ ᠦᠨᠳᠦᠰᠦᠨ ᠱᠠᠲᠤᠨ ᠳᠤ ᠪᠠᠶᠢᠬᠤ ᠶᠢ ᠴᠢᠬᠤᠯᠠᠴᠢᠯᠠᠬᠤ ᠣᠶᠢᠯᠠᠭᠠᠭᠳᠠᠬᠤᠨ ᠢ ᠪᠠᠷᠢᠮᠲᠠᠯᠠᠨ᠎ᠠ᠃    5. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ︽  ᠨᠠᠢᠮᠠᠨ ᠣᠷᠣᠬᠤ︾ ᠭᠡᠳᠡᠭ ᠨᠢ ᠶᠠᠭᠤ ᠪᠣᠢ︖ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ᠂ ᠰᠤᠷᠭᠠᠭᠤᠯᠢ᠂  ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠰᠦᠯᠵᠢᠶ᠎ᠡ ᠳᠤ ᠣᠷᠣᠬᠤ᠃    6. ᠨᠠᠮ ᠤᠨ ᠵᠠᠭᠤᠨ ᠵᠢᠯ ᠤᠨ ᠥᠩᠭᠡᠷᠡᠯᠲᠡ ᠶᠢ ᠡᠷᠭᠢᠴᠡᠭᠦᠯᠪᠡᠯ᠂ ᠨᠠᠮ ᠤᠨ ᠦᠨᠳᠦᠰᠦᠲᠡᠨ ᠤ ᠠᠵᠢᠯ ᠤᠨ ᠣᠯᠣᠭᠰᠠᠨ ᠬᠠᠮᠤᠭ ᠤᠨ ᠶᠡᠭᠡ ᠠᠮᠵᠢᠯᠲᠠ ᠪᠦᠲᠦᠮᠵᠢ ᠨᠢ ᠶᠠᠭᠤ ᠪᠣᠢ︖ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ ᠢ  ᠨᠡᠭᠡᠭᠡᠪᠡ᠃    7. ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠢ ᠬᠠᠷᠠᠯᠲᠠ ᠨᠢ ᠶᠠᠭᠤ ᠪᠣᠢ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠨ᠎ᠡ᠃     8 . ᠰᠢᠨ᠎ᠠ ᠴᠠᠭ ᠣᠢᠶ᠎ᠡ ᠶᠢᠨ ᠨᠠᠮ ᠤᠨ ᠣᠢᠠᠲᠣᠰᠣᠲᠠᠨ ᠤ ᠠᠵᠢᠯ ᠤᠨ ᠭᠤᠣᠯ ᠱᠣᠭᠤᠮ ᠪᠠ ᠣᠢᠠᠲᠣᠰᠣᠲᠠᠨ ᠤ ᠣᠷᠣᠠ ᠤ ᠡᠯ᠎ᠠ ᠵᠦᠢᠯ ᠤᠨ ᠠᠵᠢᠯ ᠤᠨ ᠭᠤᠣᠯ ᠱᠣᠭᠤᠮ ᠪᠤᠯ︖    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ᠃    9᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠵᠠᠷᠴᠢᠮ ᠪᠣᠯ᠄    ᠨᠡᠶᠢᠲᠡᠯᠢᠭ ᠴᠢᠨᠠᠷ ᠢ ᠨᠡᠮᠡᠭᠳᠡᠭᠦᠯᠬᠦ᠂ ᠵᠥᠷᠢᠶᠡᠲᠦ ᠴᠢᠨᠠᠷ ᠢ ᠬᠦᠨᠳᠦᠳᠬᠡᠨ ᠪᠠᠭᠲᠠᠭᠠᠬᠤ᠃    10᠂ ᠳᠤᠮᠲᠠᠲᠦ ᠶᠢᠨ ᠦᠨᠲᠦᠰᠦᠲᠡᠨ ᠤ ᠬᠠᠮᠲᠦ ᠶᠢᠨ ᠴᠤᠭᠴᠠ ᠶᠢᠨ ᠤᠬᠠᠮᠰᠠᠷ ᠢ ᠨᠠᠮ ᠤᠨ ᠲᠦᠷᠢᠮ ᠳᠤ ᠪᠢᠴᠢᠵᠦ  ᠣᠷᠣᠭᠤᠯᠣᠭᠰᠠᠨ ᠴᠠᠭ ᠨᠢ ︖     2017 ᠣᠨ ᠤ 10 ᠰᠠᠷ᠎ᠠ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠢ ᠪᠣᠯᠭᠠᠬᠤ︾ ᠶᠢ ᠵᠢᠩᠬᠢᠨᠢ ᠪᠠᠷ ᠨᠠᠮ ᠤᠨ ᠳᠦᠷᠢᠮ ᠳᠤ ᠪᠢᠴᠢᠵᠦ ᠣᠷᠣᠭᠤᠯᠪᠠ᠃          ᠢᠷᠠᠯᠲᠠ᠄ ᠮᠣᠨᠠ ᠠᠭᠤᠯᠠ ᠪᠠᠯᠭᠠᠰᠣᠨ ᠤ ᠨᠠᠮ ᠤᠨ ᠪᠠᠶᠢᠭᠤᠯᠤᠯᠲᠠ   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ