ᠵᠢᠯ ᠤᠨ ᠳᠥᠷᠪᠡᠨ ᠤᠯᠠᠷᠢᠯ ᠳᠤ ᠰᠢᠨ᠎ᠡ ᠰᠤᠷᠭᠤᠭ ᠡᠪᠡᠰᠦ ᠨᠤᠭᠤᠭ᠎ᠠ ᠪᠠᠷ ᠮᠠᠯ ᠢᠶᠠᠨ ᠲᠡᠵᠢᠭᠡᠵᠤ ᠪᠤᠢ
ᠨᠡᠶᠢᠲᠡᠯᠡᠭᠰᠡᠨ ᠴᠠᠭ᠄
2024/4/17
    2024 ᠣᠨ ᠤ 4 ᠰᠠᠷ᠎ᠠ ᠶᠢᠨ 13 ᠤ ᠡᠳᠦᠷ ᠤᠨ ︽ᠲᠠᠷᠢᠶᠠᠴᠢᠳ ᠤᠨ ᠡᠳᠦᠷ ᠤᠨ ᠰᠣᠨᠢᠨ︾ ᠤ 3 ᠳ᠋ᠤᠭᠠᠷ ᠨᠢᠭᠤᠷ ᠲᠤ ︽ᠥᠪᠥᠷ ᠮᠣᠩᠭᠤᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠄ ᠳᠤᠯᠠᠭᠠᠨ ᠰᠠᠷᠠᠪᠴᠢᠨ ᠳᠤ ᠡᠪᠡᠰᠦ ᠳᠠᠷᠢᠵᠤ᠂ ᠵᠢᠯ ᠤᠨ ᠳᠥᠷᠪᠡᠨ ᠤᠯᠠᠷᠢᠯ ᠳᠤ ᠰᠢᠨ᠎ᠡ ᠰᠤᠷᠭᠤᠭ ᠡᠪᠡᠰᠦ ᠨᠤᠭᠤᠭ᠎ᠠ ᠪᠠᠷ ᠮᠠᠯ ᠢᠶᠠᠨ ᠲᠡᠵᠢᠭᠡᠵᠤ ᠪᠤᠢ︾ ᠭᠡᠰᠡᠨ ᠵᠣᠬᠢᠶᠠᠯ ᠢ ᠨᠡᠶᠢᠲᠡᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠪᠰᠡᠭ ᠪᠠᠯᠭᠠᠰᠤᠨ ᠤ ᠰᠢᠨ ᠯᠦᠩ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠤᠰᠤᠨ ᠳᠤ ᠪᠤᠶᠢᠵᠢᠭᠤᠯᠤᠭᠰᠠᠨ ᠲᠡᠵᠢᠭᠡᠯ ᠡᠪᠡᠰᠦ ᠪᠠᠷ ᠡᠪᠦᠯ ᠬᠠᠪᠤᠷ ᠤᠨ ᠤᠯᠠᠷᠢᠯ ᠳᠤ ᠦᠬᠡᠷ ᠬᠤᠨᠢ ᠪᠠᠨ ᠲᠡᠵᠢᠭᠡᠵᠦ ᠪᠠᠶᠢᠭ᠎ᠠ ᠶᠠᠪᠤᠳᠠᠯ ᠢ ᠮᠡᠳᠡᠭᠡᠯᠡᠵᠡᠢ᠃ ᠣᠳᠣᠬᠠᠨ ᠳᠤ᠂ ᠤᠰᠤᠨ ᠳᠤ ᠪᠤᠶᠢᠵᠢᠭᠤᠯᠤᠭᠰᠠᠨ ᠲᠡᠵᠢᠭᠡᠯ ᠡᠪᠡᠰᠦ ᠶᠢ ᠶᠠᠭ ᠰᠠᠶᠢᠬᠠᠨ ᠳᠡᠯᠭᠡᠷᠡᠭᠦᠯᠬᠦ ᠱᠠᠲᠤᠨ ᠳᠤ ᠪᠠᠶᠢᠨ᠎ᠠ᠂ ᠠᠷᠪᠠᠢ ᠶᠢᠨ ᠨᠠᠬᠢᠶ᠎ᠠ ᠶᠢᠨ ᠲᠡᠵᠢᠭᠡᠯ ᠡᠪᠡᠰᠦᠨ ᠤ ᠤᠭᠤᠷᠠᠭ ᠤᠨ ᠠᠭᠤᠯᠤᠭᠳᠠᠴᠠ ᠮᠠᠰᠢ ᠥᠨᠳᠥᠷ ᠪᠠᠶᠢᠵᠤ᠂ ᠪᠤᠷᠴᠠᠭ ᠤᠨ ᠰᠢᠭᠠᠷᠤ᠂ ᠡᠷᠳᠡᠨᠢ ᠰᠢᠰᠢ ᠶᠢᠨ ᠮᠥᠬᠦᠯᠢᠭ ᠵᠡᠷᠭᠡ ᠨᠠᠷᠢᠯᠢᠭ ᠪᠣᠷᠳᠤᠭ᠎ᠠ ᠶᠢ ᠣᠷᠣᠯᠠᠭᠤᠯᠵᠤ ᠪᠣᠯᠣᠨ᠎ᠠ᠂ ᠡᠨᠡ ᠨᠢ ᠮᠠᠯ ᠤᠨ ᠲᠠᠷᠭᠤ ᠬᠦᠴᠦ ᠠᠪᠬᠤ ᠳᠤ ᠮᠠᠰᠢ ᠰᠠᠶᠢᠨ ᠪᠠᠶᠢᠳᠠᠭ᠂ ᠮᠠᠰᠢ ᠣᠯᠠᠨ ᠬᠥᠮᠥᠨ ᠡᠨᠡ ᠬᠦ ᠭᠠᠷᠤᠯᠲᠠ ᠥᠨᠳᠥᠷ ᠂ ᠤᠷᠭᠤᠯᠲᠠ ᠲᠦᠷᠭᠡᠨ᠂ ᠲᠡᠷᠢᠭᠦᠨ ᠤ ᠳᠠᠷᠢᠬᠤ ᠠᠷᠭ᠎ᠠ ᠮᠠᠶ᠋ᠢᠭ ᠢ ᠰᠤᠨᠢᠷᠬᠠᠵᠤ ᠡᠬᠢᠯᠡᠵᠡᠢ᠃   ᠢᠷᠡᠯᠲᠡ᠄ ᠲᠠᠷᠢᠶᠠᠴᠢᠳ ᠤᠨ ᠡᠳᠦᠷ ᠤᠨ ᠰᠣᠨᠢᠨ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ