ᠬᠠᠭᠤᠴᠢᠨ ᠮᠠᠰᠢᠨ ᠢᠶᠠᠨ ᠰᠢᠨ᠎ᠡ ᠪᠠᠷ ᠰᠣᠯᠢᠬᠤ ᠳᠤ ᠨᠥᠬᠦᠪᠥᠷᠢ ᠣᠯᠭᠤᠨ᠎ᠠ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 11 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠲᠣᠮᠣ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠤᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ ᠡᠳ᠋ ᠤᠨ ᠵᠠᠰᠠᠭ ᠤᠨ ᠶᠠᠮᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠹᠦ᠋ ᠶᠢᠨ ᠯᠢᠩ ᠢᠯᠡᠷᠬᠡᠶᠢᠯᠡᠬᠦ ᠳᠡᠭᠡᠨ᠂ ᠲᠥᠪ ᠤᠨ ᠡᠳ᠋ ᠤᠨ ᠵᠠᠰᠠᠭ ᠪᠠ ᠣᠷᠣᠨ ᠨᠤᠲᠤᠭ ᠤᠨ ᠵᠠᠰᠠᠭ ᠤᠨ ᠣᠷᠳᠣᠨ ᠬᠤᠯᠪᠣᠭᠠᠯᠠᠨ ᠬᠥᠳᠡᠯᠦᠯᠴᠡᠬᠦ  ᠶᠢ ᠪᠠᠷᠢᠮᠲᠠᠯᠠᠵᠤ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠪᠥᠬᠡᠯᠢᠭ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠵᠤ᠂ ᠠᠳᠠᠯᠢ ᠪᠤᠰᠤ ᠲᠥᠷᠥᠯ ᠤᠨ ᠬᠡᠷᠡᠭᠯᠡᠭᠡᠨ ᠤ ᠵᠦᠢᠯᠡᠰ ᠤᠨ ᠣᠨᠴᠠᠯᠢᠭ ᠲᠠᠢ ᠤᠶᠠᠯᠳᠤᠭᠤᠯᠤᠨ᠂ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠶ ᠪᠠᠷ ᠬᠡᠷᠡᠭᠵᠢᠭᠦᠯᠦᠨ᠎ᠡ ᠭᠡᠵᠡᠶ᠃    ᠡᠭᠦᠨ ᠳᠤ᠂ ᠲᠥᠪ ᠤᠨ ᠡᠳ᠋ ᠤᠨ ᠵᠠᠰᠠᠭ ᠠᠴᠠ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠭᠤᠤᠯᠳᠠᠯᠭ᠎ᠠ ᠲᠠᠢ ᠳᠡᠮᠵᠢᠨ ᠠᠬᠢᠭᠤᠯᠤᠨ᠎ᠠ᠃ ᠭᠠᠳᠠᠭᠰᠢᠯᠠᠭᠤᠯᠤᠯᠲᠠ ᠶᠡᠬᠡᠲᠡᠶ ᠰᠠᠭᠤᠳᠠᠯ ᠤᠨ ᠮᠠᠰᠢᠨ ᠲᠡᠷᠭᠡ ᠪᠤᠶᠤ ᠨᠥᠬᠦᠴᠡᠯ ᠳᠤ ᠨᠡᠶᠢᠴᠡᠭᠰᠡᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ᠂ ᠡᠨᠧᠷᠭᠢ ᠠᠷᠪᠢᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠤᠶᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠤᠭᠰᠠᠨ ᠬᠡᠷᠡᠭᠯᠡᠭᠴᠢᠳ ᠲᠤ ᠲᠣᠭᠲᠠᠭᠰᠠᠨ ᠲᠣᠭᠠᠨ ᠤ ᠨᠥᠬᠦᠪᠥᠷᠢ ᠣᠯᠭᠤᠨ᠎ᠠ᠃ ᠲᠥᠪ ᠤᠨ ᠡᠳ᠋ ᠤᠨ ᠵᠠᠰᠠᠭ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠂ ᠨᠥᠬᠦᠪᠥᠷᠢ ᠶᠢᠨ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠪᠣᠯᠤᠨ ᠣᠷᠣᠨ ᠨᠤᠲᠤᠭ ᠤᠨ ᠡᠳ᠋ ᠤᠨ ᠵᠠᠰᠠᠭ ᠠᠴᠠ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠵᠦ᠂ ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠠᠮᠲᠤ ᠪᠠᠷ ᠠᠬᠢᠭᠤᠯᠤᠨ᠎ᠠ᠃ ᠲᠥᠪ ᠤᠨ ᠡᠳ᠋ ᠤᠨ ᠵᠠᠰᠠᠭ ᠠᠴᠠ ᠪᠠᠰᠠ ᠪᠠᠯᠠ ᠮᠥᠩᠭᠦ ᠲᠣᠬᠢᠷᠠᠭᠤᠯᠤᠨ ᠰᠢᠶᠠᠨ ᠤ ᠬᠡᠪᠴᠢᠶᠡᠨ ᠳᠠᠬᠢ ᠴᠠᠬᠢᠯᠭᠠᠨ ᠨᠥᠬᠦᠪᠥᠷᠢᠯᠡᠬᠦ ᠴᠠᠬᠢᠯᠭᠠᠨ ᠰᠣᠯᠢᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠲᠤᠷᠰᠢᠯᠲᠠ ᠶᠢᠨ ᠠᠵᠢᠯ ᠢ ᠡᠬᠢᠯᠡᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠴᠠᠬᠢᠯᠭᠠᠨ ᠨᠥᠬᠦᠪᠥᠷᠢᠯᠡᠬᠦ ᠰᠠᠭᠤᠷᠢ ᠲᠥᠬᠦᠭᠡᠷᠦᠮᠵᠢ ᠶᠢᠨ ᠪᠠᠶᠢᠷᠢᠰᠢᠯ ᠤᠨ ᠳᠤᠲᠠᠭᠤᠳᠠᠯ ᠢ ᠨᠥᠬᠦᠪᠥᠷᠢᠯᠡᠨ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠬᠡᠷᠡᠭᠯᠡᠭᠡᠨ ᠤ ᠣᠷᠴᠢᠨ ᠲᠤᠭᠤᠷᠢᠨ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠎ᠡ᠃    ᠡᠭᠦᠨ ᠤ ᠬᠠᠮᠲᠤ᠂ ᠨᠥᠬᠦᠴᠡᠯ ᠲᠠᠢ ᠭᠠᠵᠠᠷ ᠣᠷᠣᠨ ᠨᠤᠭᠤᠳ ᠤᠨ ᠭᠡᠷ ᠤᠨ ᠴᠠᠬᠢᠯᠭᠠᠨ ᠬᠡᠷᠡᠭᠰᠡᠯ ᠵᠡᠷᠭᠡ ᠪᠥᠬᠡᠯᠢᠭ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠶᠢ ᠵᠣᠷᠢᠭᠵᠢᠭᠤᠯᠤᠨ᠎ᠠ᠃ ᠲᠥᠪ ᠤᠨ ᠡᠳ᠋ ᠤᠨ ᠵᠠᠰᠠᠭ ᠠᠴᠠ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠪᠠᠷ ᠳᠠᠮᠵᠢᠭᠤᠯᠤᠨ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠤᠨ ᠲᠤᠷᠰᠢᠯᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠪᠣᠬᠢᠷᠲᠤᠯ ᠥᠬᠡᠶ ᠬᠤᠷᠢᠶᠠᠨ ᠠᠪᠬᠤ ᠰᠢᠰᠲ᠋ᠧᠮ ᠢ ᠲᠡᠭᠦᠯᠳᠡᠷᠵᠢᠭᠦᠯᠬᠦ ᠶᠢ ᠳᠡᠮᠵᠢᠵᠦ᠂ ᠬᠡᠷ ᠤᠨ ᠴᠠᠬᠢᠯᠭᠠᠨ ᠬᠡᠷᠡᠭᠰᠡᠯ ᠢ ᠰᠢᠨᠡᠳᠭᠡᠬᠦ ᠬᠡᠷᠡᠭᠯᠡᠭᠡᠨ ᠤ ᠣᠷᠴᠢᠯ ᠢ ᠰᠢᠯᠤᠭᠤᠳᠬᠠᠵᠤ᠂ ᠣᠷᠣᠨ ᠨᠤᠲᠤᠭ ᠤᠨ ᠬᠡᠷ ᠤᠨ ᠴᠠᠬᠢᠯᠭᠠᠨ ᠬᠡᠷᠡᠭᠰᠡᠯ ᠵᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠳᠤ ᠬᠦᠴᠦᠨ ᠨᠡᠮᠡᠷᠢᠯᠡᠨ᠎ᠡ᠃    ︽ᠲᠠᠷᠠᠭᠠᠴᠢ ᠶᠢᠨ ᠠᠯᠬᠤᠮ ᠳᠤ᠂ ᠡᠳ᠋ ᠤᠨ ᠵᠠᠰᠠᠭ ᠤᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠣᠷᠣᠨ ᠨᠤᠲᠤᠭ ᠢ ᠵᠢᠯᠣᠭᠤᠳᠤᠨ ᠡᠨᠡ ᠬᠦ ᠠᠵᠢᠯ ᠢ ᠲᠦᠷᠭᠡᠳᠭᠡᠨ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ︿ᠪᠤᠳᠠᠳᠠᠢ ᠮᠦᠡᠭᠭᠦ ᠳᠦᠭᠦᠷᠢᠭ﹀ ᠤᠨ ᠲᠥᠷᠥ ᠶᠢᠨ ᠪᠣᠳᠣᠯᠭ᠎ᠠ ᠶᠢ ᠬᠡᠷᠡᠭᠯᠡᠭᠴᠢᠳ ᠲᠤ ᠰᠢᠭᠤᠳ ᠣᠯᠭᠤᠬᠤ ᠶᠢ ᠦᠨᠡᠨ ᠬᠦ ᠪᠠᠲᠤᠯᠠᠨ᠎ᠠ︾ ᠭᠡᠵᠦ ᠹᠦ᠋ ᠶᠢᠨ ᠯᠢᠩ ᠢᠯᠡᠷᠭᠡᠶᠢᠯᠡᠪᠡ᠃    ᠢᠷᠡᠯᠲᠡ᠄ ᠪᠡᠭᠡᠵᠢᠩ ᠤᠨ ᠡᠳᠦᠷ ᠤᠨ ᠰᠣᠨᠢᠨ ᠤ ᠰᠢᠯᠵᠢᠶ᠎ᠠ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ