6300 ᠵᠢᠯ ᠤᠨ ᠡᠮᠦᠨᠡᠬᠢ ᠯᠣᠣ ᠬᠡᠯᠪᠡᠷᠢᠲᠠᠢ ᠬᠢᠰᠤᠭᠠᠨ ᠵᠠᠰᠠᠯ ᠤᠨ ᠤᠭ ᠲᠦᠷᠰᠦ ᠶᠢ ᠰᠡᠷᠭᠦᠬᠡᠪᠡ
ᠨᠡᠶᠢᠲᠡᠯᠡᠭᠰᠡᠨ ᠴᠠᠭ᠄
2024/4/17
    ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠠᠴᠠ ᠤᠶᠢᠯᠠᠭᠠᠭᠰᠠᠨ ᠢᠶᠠᠷ᠂ ᠤᠷᠴᠢᠮᠬᠠᠨ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠭᠠᠵᠠᠷ ᠤᠨ ᠬᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠷᠭ᠎ᠠ ᠪᠠᠷᠢᠯ ᠢᠶᠠᠷ ᠬᠤᠩᠱᠠᠨ ᠰᠣᠶᠣᠯ ᠤᠨ ᠡᠷᠲᠡ ᠦᠶ᠎ᠡ ᠢᠢᠨ ᠯᠤᠤ ᠬᠡᠯᠪᠡᠷᠢᠲᠠᠢ ᠬᠢᠰᠤᠭᠠᠨ ᠵᠠᠰᠠᠯ ᠤᠨ ᠤᠭ ᠲᠦᠷᠰᠦ ᠶᠢ ᠠᠮᠵᠢᠯᠲᠠ ᠲᠠᠢ ᠰᠡᠷᠭᠦᠭᠡᠪᠡ᠃ ᠡᠨᠡ ᠬᠦ ᠯᠤᠤ ᠬᠡᠯᠪᠡᠷᠢᠲᠡᠢ ᠬᠢᠰᠤᠭᠠᠨ ᠵᠠᠰᠠᠯ ᠢ 2023 ᠤᠨ ᠳᠤ ᠤᠯᠠᠭᠠᠨᠬᠠᠳᠠ ᠬᠤᠲᠠ ᠢᠢᠨ ᠰᠦᠩᠱᠠᠨ ᠲᠣᠭᠤᠷᠢᠭ ᠤᠨ ᠼᠠᠢ ᠲᠤᠤ ᠫᠦᠸᠧ ᠶᠢᠨ ᠪᠠᠭᠤᠷᠢ ᠠᠴᠠ ᠢᠯᠡᠷᠡᠭᠦᠯᠵᠡᠢ᠃    ᠤᠶᠢᠯᠠᠭᠠᠭᠰᠠᠨ ᠢᠶᠠᠷ᠂ ᠡᠨᠡ ᠬᠦ ᠯᠣᠣ ᠬᠡᠯᠪᠡᠷᠢᠳᠠᠢ ᠬᠢᠰᠤᠭᠠᠨ ᠵᠠᠰᠠᠯ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠬᠤᠩᠱᠠᠨ ᠰᠣᠶᠣᠯ ᠳᠤ ᠬᠠᠷᠢᠶᠠᠯᠠᠭᠳᠠᠵᠤ᠂ ᠬᠤᠩᠱᠠᠨ ᠰᠣᠶᠣᠯ ᠤᠨ ᠯᠣᠣ ᠶᠢᠨ ᠳᠦᠷᠢ ᠶᠢ ᠪᠠᠶᠠᠯᠢᠭᠵᠢᠭᠤᠯᠪᠠ ᠭᠡᠵᠦ ᠲᠤᠰᠬᠠᠢ ᠮᠡᠷᠭᠡᠵᠢᠯᠲᠡᠨ ᠠᠴᠠ ᠦᠵᠡᠵᠦ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠢᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ ᠤᠨ ᠬᠠᠷᠢᠭᠤᠴᠠᠯᠭᠠᠲᠠᠨ ᠬᠣ᠋ ᠴᠦᠨ ᠪᠠᠢ᠄ ︽ᠡᠨᠡ ᠬᠦ ᠯᠤᠤ ᠬᠡᠯᠪᠡᠷᠢᠲᠡᠢ ᠬᠢᠰᠤᠭᠠᠨ ᠵᠠᠰᠠᠯ ᠤᠨ ᠪᠤᠯᠠᠭᠳᠠᠵᠦ ᠪᠠᠶᠢᠭᠰᠠᠨ ᠭᠠᠵᠠᠷ ᠨᠢ ᠨᠢᠭᠡᠨ ᠲᠣᠭᠤᠷᠢᠭ ᠬᠡᠯᠪᠡᠷᠢᠳᠠᠢ ᠨᠦᠬᠡᠨ ᠵᠤᠤᠬ᠎ᠠ ᠪᠠᠶᠢᠬᠰᠠᠨ᠂ ᠠᠳᠡ ᠠᠴᠠ ᠮᠠᠯᠲᠠᠵᠤ ᠭᠠᠷᠭᠠᠭᠰᠠᠨ ᠨᠡᠭᠦᠷᠡᠰᠦᠲᠥ᠋ᠷᠥᠭᠴᠢ ᠢᠢᠨ ᠥᠯᠢᠭᠡᠷ ᠢ ᠰᠢᠯᠭᠠᠨ ᠰᠢᠨᠵᠢᠯᠡᠭᠡᠳ ᠣᠲᠣ ᠠᠴᠠ 6300 ᠵᠢᠯ ᠤᠨ ᠡᠮᠦᠨᠡᠬᠢ ᠪᠠᠷᠢᠯᠭ᠎ᠠ ᠪᠣᠯᠣᠨ᠎ᠠ ᠬᠡᠵᠦ ᠨᠤᠳᠠᠯᠠᠵᠠᠢ᠂ ᠡᠭᠦᠪᠠᠷ ᠯᠠᠪᠯᠠᠯᠲᠠ ᠪᠣᠯᠭᠠᠨ ᠪᠢᠳᠡ ᠲᠤᠰ ᠯᠤᠤ ᠬᠡᠯᠪᠡᠷᠢᠲᠠᠢ ᠬᠢᠰᠤᠭ᠎ᠠ ᠴᠢᠮᠡᠭᠯᠡᠯ ᠪᠤᠯ ᠣᠲᠣ ᠠᠴᠠ 6300 ᠵᠢᠯ ᠤᠨ ᠡᠮᠦᠨᠡᠬᠢ ᠡᠳ᠋ ᠮᠥᠨ ᠭᠡᠵᠦ ᠳᠠᠭᠠᠮᠠᠭᠯᠠᠵᠦ ᠪᠠᠶᠢᠨ᠎ᠠ︾ ᠭᠡᠵᠦ ᠳᠠᠶᠢᠯᠪᠤᠷᠢᠯᠠᠯ᠎ᠠ᠃    ᠲᠠᠨᠢᠯᠴᠠᠭᠤᠯᠤᠭᠰᠠᠨ ᠢᠶᠠᠷ᠂ ᠯᠤᠤ ᠬᠡᠯᠪᠡᠷᠢᠲᠡᠢ ᠬᠢᠰᠤᠭᠠᠨ ᠵᠠᠰᠠᠯ ᠤᠵᠤᠭᠤᠷ ᠡᠷᠳᠡᠨ ᠠᠴᠠ ᠤᠳᠤ ᠬᠦᠷᠳᠡᠯ᠎ᠠ ᠤᠯᠠᠮᠵᠢᠯᠠᠬᠳᠠᠵᠦ ᠪᠠᠶᠢᠭ᠎ᠠ ᠭᠠᠯ ᠳᠠᠬᠢᠯᠭ᠎ᠠ ᠢᠢᠨ ᠵᠠᠩ ᠦᠢᠯᠡ ᠲᠠᠢ ᠬᠤᠯᠪᠤᠭᠳᠠᠨ᠎ᠠ᠃ ᠤᠤᠯ ᠨᠢ ᠬᠠᠰ ᠯᠤᠤ ᠪᠦᠷ ᠬᠤᠩᠱᠠᠨ ᠰᠣᠶᠣᠯ ᠤᠨ ᠨᠡᠯᠢᠶᠡᠳ ᠳᠡᠭᠡᠳᠦ ᠲᠠᠰ ᠤᠨ ᠲᠤᠨᠤᠮᠠᠯ ᠴᠢᠯᠠᠭᠤᠨ ᠤ ᠪᠠᠭᠤᠷᠢ ᠠᠴᠠ ᠢᠯᠡᠷᠡᠵᠦ ᠪᠠᠶᠢᠭᠰᠠᠨ ᠶᠤᠮ᠂ ᠬᠠᠷᠢᠨ ᠲᠤᠰ ᠯᠤᠤ ᠬᠡᠯᠪᠡᠷᠢᠲᠡᠢ ᠬᠢᠰᠤᠭᠠᠨ ᠵᠠᠰᠠᠯ ᠼᠠᠢ ᠲᠤᠤ ᠫᠦᠸᠧ ᠢᠢᠨ ᠪᠠᠭᠤᠷᠢ ᠰᠢᠭ ᠡᠶᠢᠮᠦ ᠳᠤᠮᠳᠠ ᠪᠠᠭ᠎ᠠ ᠬᠡᠪᠴᠢᠶᠡᠨ ᠤ ᠪᠠᠭᠤᠷᠢ ᠠᠴᠠ ᠭᠠᠷᠤᠭᠰᠠᠨ ᠨᠢ ᠯᠤᠤ ᠪᠣᠯ ᠬᠤᠩᠱᠠᠨ ᠰᠣᠶᠣᠯ ᠤᠨ ᠡᠭᠡᠯ ᠠᠷᠠᠳ ᠤᠨ ᠰᠦᠰᠦᠭ ᠪᠢᠰᠢᠷᠡᠯ ᠮᠦᠨ ᠭᠡᠰᠡᠨ ᠢ ᠬᠠᠷᠠᠭᠤᠯᠵᠤ ᠪᠤᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ