4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠭᠦᠭᠡᠬᠤᠲᠠ ᠳᠤ ᠵᠢᠶᠠᠩᠰᠤ ᠮᠤᠵᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠮᠤᠵᠢ ᠶᠢᠨ ᠪᠠᠶᠢᠩᠭᠤ ᠶᠢᠨ ᠳᠡᠳ᠋ ᠳᠠᠷᠤᠭ᠎ᠠ ᠮᠠ ᠰᠢᠨ ᠲᠠᠢ ᠠᠭᠤᠯᠵᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ | ᠲᠥᠯᠥᠭᠡᠯᠡᠨ ᠵᠢᠶᠠᠩᠰᠤ ᠮᠤᠵᠢ ᠶᠢᠨ ᠵᠠᠰᠠᠭ ᠤᠨ ᠣᠷᠳᠣᠨ ᠲᠠᠢ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ | ᠭᠠᠷ ᠤᠨ ᠦᠰᠦᠭ ᠵᠢᠷᠤᠪᠠ᠃ | ᠬᠤᠸᠠᠩ ᡁᠢ ᠴᠢᠶᠠᠩ᠂ ᠥᠪᠥᠷ ᠮᠣᠩᠭᠤᠯ ᠬᠢᠭᠡᠳ ᠵᠢᠶᠠᠩᠰᠤ ᠮᠤᠵᠢ ᠰᠢᠨ᠎ᠡ ᠡᠨᠧᠷᠭᠢ᠂ ᠲᠣᠨᠣᠭᠯᠠᠯ ᠦᠢᠯᠡᠳᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠳᠤ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠬᠤᠶᠠᠷ ᠲᠠᠯ᠎ᠠ ᠪᠠᠷ ᠢᠶᠠᠨ | ᠭᠡᠷ᠎ᠡ ᠲᠣᠭᠲᠠᠬᠤ ᠪᠠᠷ ᠠᠵᠠ ᠲᠣᠭᠢᠶᠠᠯ ᠪᠤᠯᠭᠠᠵᠤ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠰᠢᠩᠭᠡᠬᠡᠨ ᠠᠪᠬᠤ ᠶᠢ ᠬᠠᠮᠲᠤ ᠪᠠᠷ ᠠᠬᠢᠭᠤᠯᠵᠤ᠂ ᠣᠷᠣᠨ | ᠪᠦᠰᠡ ᠠᠯᠤᠰᠯᠠᠭᠰᠠᠨ ᠲᠣᠨᠣᠭᠯᠠᠯ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ | ᠪᠣᠰᠬᠠᠬᠤ ᠳᠤ ᠰᠢᠯᠢᠳᠡᠭ ᠣᠷᠴᠢᠨ ᠲᠣᠭᠤᠷᠢᠨ ᠢ ᠡᠭᠦᠳᠬᠦ ᠶᠢ ᠬᠦᠰᠡᠵᠦ ᠪᠠᠶᠢᠨ᠎ᠠ ᠭᠡᠪᠡ᠃ ᠮᠠ ᠰᠢᠨ᠂ ᠬᠤᠶᠠᠷ ᠮᠤᠵᠢ ᠣᠷᠣᠨ ᠤ ᠬᠠᠮᠲᠤᠷᠠᠯᠴᠠᠭ᠎ᠠ ᠨᠢ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠵᠦ᠂ ᠵᠢᠶᠠᠩᠰᠤ ᠮᠤᠵᠢ ᠶᠢᠨ ᠬᠢᠨ | ᠠᠵᠤ ᠠᠬᠤᠶᠢᠯᠠᠯ ᠤᠨ ᠥᠪᠥᠷ ᠮᠣᠩᠭᠤᠯ ᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠯᠲᠠ ᠶᠢᠨ ᠣᠷᠣᠨ ᠪᠦᠰᠡ ᠪᠤᠯᠭᠠᠬᠤ ᠶᠢ ᠳᠡᠮᠵᠢᠨ᠎ᠠ | ᠭᠡᠪᠡ᠃ | ᠵᠥᠪᠯᠡᠯᠴᠡᠭᠡᠷ ᠢ ᠦᠨᠳᠦᠰᠦᠯᠡᠪᠡᠯ᠂ ᠥᠪᠥᠷ ᠮᠣᠩᠭᠤᠯ ᠬᠢᠭᠡᠳ ᠵᠢᠶᠠᠩᠰᠤ ᠰᠢᠨ᠎ᠡ ᠡᠨᠧᠷᠭᠢ ᠶᠢᠨ ᠲᠣᠮᠣ ᠰᠠᠭᠤᠷᠢᠨ ᠪᠣᠯᠣᠨ ᠭᠠᠳᠠᠭᠰᠢ ᠬᠦᠷᠭᠡᠬᠦ | ᠨᠡᠪᠳᠡᠷᠡᠯ ᠵᠠᠮ ᠤᠨ ᠪᠦᠲᠦᠭᠡᠨ ᠪᠠᠶᠢᠭᠤᠯᠤᠯᠲᠠ᠂ ᠰᠠᠯᠬᠢ ᠭᠡᠷᠡᠯ ᠤᠰᠤᠲᠥ᠋ᠷᠥᠭᠴᠢ ᠬᠠᠳᠠᠭᠠᠯᠠᠬᠤ ᠲᠣᠨᠣᠭᠯᠠᠯ ᠦᠢᠯᠡᠳᠬᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ᠃ | |