ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠲᠣᠰ | ᠬᠡᠯᠲᠡᠰ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ 2024 ᠣᠨ ᠤ | ᠠᠵᠢᠯ ᠤᠨ ᠭᠤᠣᠯᠳᠠᠯᠭ᠎ᠠ︾ ︵ᠳᠣᠷᠣᠭᠰᠢ ︽ᠠᠵᠢᠯ ᠤᠨ ᠭᠤᠣᠯᠳᠠᠯᠭ᠎ᠠ︾ ᠭᠡᠵᠦ ᠲᠣᠪᠴᠢᠯᠠᠪᠠ︶ ᠶᠢ ᠳᠠᠷᠤᠮᠠᠯᠯᠠᠨ ᠲᠠᠷᠬᠠᠭᠠᠵᠤ᠂ 28 ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ 9 ᠲᠠᠯ᠎ᠠ ᠠᠴᠠ ᠨᠠᠶᠢᠳᠠᠪᠤᠷᠢᠵᠢᠭᠤᠯᠤᠨ᠂ ᠪᠥᠬᠦ ᠣᠷᠣᠨ ᠤ ᠨᠡᠶᠢᠭᠡᠮ ᠤᠨ ᠠᠵᠢᠯ ᠢ ᠦᠨᠡᠬᠡᠷ ᠰᠠᠶᠢᠲᠤᠷ ᠬᠢᠬᠦ ᠪᠠᠷ ᠪᠠᠶᠢᠨ᠎ᠠ᠃ | | ᠣᠶᠢᠯᠠᠭᠠᠭᠰᠠᠨ ᠢᠶᠠᠷ᠂ ︽ᠠᠵᠢᠯ ᠤᠨ ᠭᠤᠣᠯᠳᠠᠯᠭ᠎ᠠ︾ ᠳᠤ ᠭᠤᠣᠯᠳᠠᠭᠤ ︽ᠨᠡᠶᠢᠭᠡᠮ ᠤᠨ ᠠᠵᠢᠯ ᠤᠨ ᠬᠦᠷᠢᠶᠡᠨ ᠳᠠᠬᠢ ᠤᠯᠤᠰ ᠲᠥᠷᠥ ᠶᠢᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ | ᠰᠢᠵᠢᠮ ᠤᠨ ᠠᠵᠢᠯ ᠢ ᠪᠦᠬᠦ ᠲᠠᠯ᠎ᠠ ᠪᠠᠷ ᠲᠤᠭᠤᠰᠢᠯᠠᠭᠤᠯᠬᠤ᠂ ᠪᠦᠬᠦ ᠲᠠᠯ᠎ᠠ ᠪᠠᠷ ᠲᠥᠯᠥᠪᠯᠡᠬᠦ ᠪᠠ ᠰᠢᠰᠲ᠋ᠧᠮ ᠲᠠᠢ ᠵᠢᠯᠣᠭᠤᠳᠬᠤ ᠠᠵᠢᠯ ᠢ ᠴᠢᠩᠭᠠᠳᠬᠠᠬᠤ | ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ ᠪᠠ ᠠᠷᠠᠳ ᠤᠨ ᠰᠠᠨᠠᠭᠤᠯᠭ᠎ᠠ ᠴᠤᠭᠯᠠᠭᠤᠯᠬᠤ ᠠᠵᠢᠯ ᠢ | ᠵᠢᠯᠣᠭᠤᠳᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ | ᠪᠠᠶᠢᠭᠤᠯᠤᠯᠲᠠ ᠶᠢᠨ ᠠᠵᠢᠯ ᠢ ᠬᠥᠲᠥᠯᠥᠨ ᠳᠠᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ | ᠨᠡᠶᠢᠭᠡᠮᠯᠢᠭ ᠤᠨ ᠨᠠᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠢ ᠦᠨᠡᠬᠡᠷ ᠰᠠᠶᠢᠲᠤᠷ ᠬᠢᠬᠦ᠂ ︿ᠬᠤᠶᠠᠷ ᠠᠵᠤ ᠠᠬᠤᠶᠢᠯᠠᠯ | ᠭᠤᠷᠪᠠᠨ ᠰᠢᠨ᠎ᠡ﹀ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠦᠴᠦᠯᠡᠨ ᠠᠬᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠪᠠ | ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠪᠠ ᠥᠪᠡᠷ ᠪᠡᠶ᠎ᠡ ᠶᠢᠨ ᠬᠤᠪᠢᠰᠬᠠᠯ ᠬᠢᠬᠦ ᠳᠦᠷᠢᠮ ᠲᠣᠭᠲᠠᠴᠠ ᠶᠢᠨ ᠠᠵᠢᠯ ᠢ ᠪᠦᠷᠢᠨᠰᠢᠭᠦᠯᠦᠨ ᠲᠡᠭᠦᠯᠳᠡᠷᠵᠢᠭᠦᠯᠬᠦ︾ ᠵᠡᠷᠭᠡ 9 | ᠲᠠᠯ᠎ᠠ ᠪᠠᠷ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ᠃ | ︽ᠠᠵᠢᠯ ᠤᠨ ᠭᠤᠣᠯᠳᠠᠯᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠡᠯ᠎ᠡ ᠱᠠᠲᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠳ ᠠᠷᠭ᠎ᠠ ᠪᠠᠷᠢᠯ ᠢᠶᠠᠨ ᠬᠢᠨᠠᠮᠠᠭᠠᠢ ᠨᠠᠷᠢᠯᠢᠭᠵᠢᠭᠤᠯᠵᠤ᠂ ᠡᠯ᠎ᠡ | ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠭᠤᠷᠪᠠᠨ ᠲᠠᠯ᠎ᠠ ᠪᠠᠷ ᠠᠬᠢᠭᠤᠯᠤᠨ᠎ᠠ᠃ ᠠᠵᠢᠯ ᠤᠨ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠤᠯᠠᠮ | ᠨᠢᠭᠡ ᠠᠯᠬᠤᠮ ᠳᠤᠲᠠᠭᠳᠠᠯ ᠢᠶᠠᠨ ᠨᠥᠬᠦᠪᠦᠷᠢᠯᠡᠵᠦ᠂ ᠪᠠᠭᠤᠷᠠᠢ ᠪᠠᠨ ᠴᠢᠩᠭᠠᠳᠬᠠᠨ᠂ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦ ᠪᠠᠨ ᠪᠠᠲᠤᠳᠬᠠᠨ᠎ᠠ︔ | ᠭᠤᠣᠯᠳᠠᠯᠭ᠎ᠠ ᠲᠠᠢ ᠰᠢᠪᠲᠤᠯᠤᠯᠲᠠ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ᠂ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠶᠡᠭᠡ | ᠲᠡᠷᠭᠡᠨ ᠳᠤ ᠤᠨᠠᠭ᠎ᠠ ᠬᠥᠯᠬᠦ︾ ᠵᠡᠷᠭᠡ ᠲᠣᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠨ᠎ᠡ︔ ᠲᠣᠭᠲᠠᠴᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠶᠢ ᠬᠡᠷᠡᠭᠯᠡᠵᠦ᠂ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠰᠢᠰᠲ᠋ᠧᠮ ᠲᠠᠢ | ᠰᠢᠨᠵᠢᠯᠡᠬᠦ ᠤᠬᠠᠭᠠᠨᠴᠢ ᠲᠣᠭᠲᠠᠯᠴᠠᠭ᠎ᠠ ᠶᠢ ᠪᠦᠬᠦ ᠬᠦᠴᠦᠨ ᠢᠶᠠᠷ ᠪᠠᠶᠢᠭᠤᠯᠵᠤ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ | |