ᠮᠤᠨᠠ ᠠᠭᠤᠯᠠ ᠪᠠᠯᠭᠠᠰᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠪᠣᠳᠠᠲᠤ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/4/18
    ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠣ ᠣᠷᠣᠰᠢᠨ ᠰᠠᠭᠤᠬᠤ ᠣᠷᠴᠢᠨ  ᠲᠣᠭᠤᠷᠢᠨ ᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃     ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠳᠤᠮᠳᠠ᠂ ᠮᠤᠨᠠ ᠠᠭᠤᠯᠠ  ᠪᠠᠯᠭᠠᠰᠤᠨ ᠤ ᠺᠠᠳ᠋ᠷ ᠲᠦᠷᠦᠭᠦᠯᠡᠨ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠨᠠᠮ ᠤᠨ ᠭᠡᠰᠢᠭᠦᠨ ᠢ ᠳᠠᠶᠢᠴᠢᠯᠠᠨ  ᠲᠣᠰᠬᠤᠨ ᠤ ᠭᠤᠣᠯ ᠵᠠᠮ᠂ ᠵᠠᠮ ᠤᠨ ᠬᠤᠶᠠᠷ ᠬᠠᠵᠠᠭᠤ᠂ ᠭᠤᠣᠯ ᠰᠤᠪᠠᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠭ ᠨᠣᠪᠰᠢ ᠶᠢ ᠴᠠᠭ ᠲᠤᠬᠠᠢ ᠳᠤᠨᠢ  ᠴᠡᠪᠡᠷᠯᠡᠪᠡ᠃ ᠪᠥᠬᠦ ᠪᠠᠯᠭᠠᠰᠤᠨ ᠳᠤ 7 ᠵᠠᠰᠠᠭ ᠵᠠᠬᠢᠷᠭᠠᠨ ᠤ ᠲᠣᠰᠬᠤᠨ ᠤ ᠢᠵᠢ ᠪᠦᠷᠢᠳᠦᠭᠦᠯᠦᠭᠰᠡᠨ ᠬᠤᠭ ᠨᠣᠪᠰᠢ ᠶᠢᠨ ᠰᠠᠪᠠ 1423᠂ ᠪᠠᠭᠤᠯᠭᠠᠬᠤ ᠮᠠᠶ᠋ᠢᠭ ᠤᠨ ᠬᠤᠭ ᠨᠣᠪᠰᠢ ᠶᠢᠨ ᠲᠡᠷᠭᠡ 1᠂ 3.5 ᠲᠣᠨ ᠪᠠᠭᠤᠯᠭᠠᠬᠤ ᠮᠠᠶ᠋ᠢᠭ ᠤᠨ ᠬᠤᠭ ᠨᠣᠪᠰᠢ ᠶᠢᠨ ᠬᠠᠶᠢᠷᠴᠠᠭ 5᠂ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠴᠡᠪᠡᠷᠯᠡᠭᠡ ᠶᠢᠨ ᠲᠡᠷᠭᠡ 58᠂  ᠢᠯᠭᠠᠳᠠᠰᠣ ᠴᠡᠪᠡᠷᠯᠡᠬᠦ ᠲᠡᠷᠭᠡ 6᠂ ᠵᠠᠮ ᠱᠦᠭᠦᠷᠳᠡᠬᠦ ᠮᠠᠰᠢᠨ 1 ᠪᠠᠶᠢᠬᠤ ᠪᠥᠭᠡᠳ ᠣᠷᠳᠣ ᠬᠤᠭᠤᠴᠠᠭᠠᠨ ᠤ ᠪᠦᠲᠦᠮᠵᠢᠲᠡᠶ ᠴᠡᠪᠡᠷᠯᠡᠭᠡ ᠶᠢᠨ ᠲᠣᠭᠲᠠᠴᠠ ᠶᠢ ᠪᠠᠶᠢᠭᠤᠯᠤᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠠᠵᠢᠯᠯᠠᠭᠠᠨ ᠳᠤ 1000 ᠭᠠᠷᠣᠢ ᠬᠥᠮᠥᠨ ᠤᠳᠠᠭ᠎ᠠ ᠣᠷᠣᠯᠴᠠᠵᠤ᠂ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠳᠡᠭᠡᠭᠰᠢᠯᠡᠭᠦᠯᠬᠦ ᠠᠵᠢᠯ ᠢ ᠪᠡᠶᠡᠯᠡᠭᠦᠯᠵᠦ᠂ ᠬᠤᠶᠢᠰᠢᠳᠠ ᠶᠢᠨ ᠡᠳᠦᠷ ᠲᠤᠳᠤᠮ ᠤᠨ ᠬᠠᠮᠢᠶᠠᠷᠴᠤ ᠬᠠᠮᠠᠭᠠᠯᠠᠬᠤ ᠳᠤ ᠰᠠᠶᠢᠲᠤᠷ ᠪᠡᠯᠡᠳᠬᠡᠯ ᠬᠢᠪᠡ᠃    ᠳᠠᠷᠠᠭᠠᠴᠢ ᠶᠢᠨ ᠠᠯᠬᠤᠮ ᠳᠤ᠂ ᠲᠤᠰ ᠪᠠᠯᠭᠠᠰᠤ ᠶᠢᠨ ᠬᠢᠨ ᠦᠷᠭᠦᠯᠵᠢᠯᠡᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ  ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ︽ᠴᠡᠭ ᠱᠤᠭᠤᠮ ᠭᠤᠶᠤ ᠰᠠᠶᠢᠬᠠᠨ︾ ᠪᠠᠶᠢᠭᠰᠠᠨ ᠠᠴᠠ ︽ᠪᠦᠬᠦ ᠣᠷᠣᠨ ᠪᠦᠰᠡ ᠭᠤᠶᠤ ᠰᠠᠶᠢᠬᠠᠨ︾ ᠪᠣᠯᠭᠠᠨ ᠬᠤᠪᠢᠷᠠᠭᠤᠯᠬᠤ ᠶᠢ ᠦᠷᠭᠦᠯᠵᠢᠯᠡᠨ  ᠠᠬᠢᠭᠤᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ