ᠣᠷᠠᠳ ᠤᠨ ᠡᠮᠦᠨᠡᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠦᠨᠡᠨᠴᠢ ᠢᠲᠡᠭᠡᠮᠵᠢᠲᠡᠢ ᠪᠠᠷ ᠵᠠᠭᠠᠯᠳᠤᠬᠤ ︾ ᠴᠣᠩᠬᠤ  ᠭᠠᠷᠭᠠᠪᠠ
ᠨᠡᠶᠢᠲᠡᠯᠡᠭᠰᠡᠨ ᠴᠠᠭ᠄
2024/4/18
    ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠦᠨᠡᠨᠴᠢ ᠢᠲᠡᠭᠡᠮᠵᠢᠲᠡᠢ ᠪᠠᠷ ᠵᠠᠭᠠᠯᠳᠤᠬᠤ ︾  ᠴᠣᠩᠬᠤ  ᠭᠠᠷᠭᠠᠬᠤ ᠶᠢᠨ ᠬᠠᠮᠲᠣ᠂ ᠰᠦᠯᠵᠢᠶᠡᠨ ᠳᠡᠭᠡᠷ᠎ᠡ ᠵᠠᠭᠠᠯᠳᠤᠬᠤ ᠠᠷᠭ᠎ᠠ ᠵᠠᠮ  ᠢ ᠨᠡᠭᠡᠭᠡᠵᠦ᠂ ᠠᠵᠤ ᠠᠬᠤᠶᠢᠯᠠᠯ᠂ ᠣᠯᠠᠨ ᠲᠦᠮᠡᠨ  ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ  ᠶᠢᠨ ︿ᠺᠣᠳ᠋ ᠳᠡᠭᠡᠷ᠎ᠡ ᠶᠠᠷᠢᠬᠤ﹀︾ ᠬᠤᠶᠠᠷ ᠬᠡᠮᠵᠢᠯᠲᠦ ᠺᠣᠳ᠋ ᠢ ᠰᠢᠷᠪᠢᠬᠦ ᠪᠤᠶᠤ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠪᠠᠷ ᠳᠠᠮᠵᠢᠭᠤᠯᠤᠨ᠂ ᠥᠰᠥᠭ ᠪᠢᠴᠢᠭ᠂ ᠵᠢᠷᠤᠭ᠂ ᠲᠠᠭᠤ ᠳᠦᠷᠰᠦ ᠰᠢᠩᠭᠡᠭᠡᠯᠲᠡ ᠪᠠᠷ ᠵᠠᠭᠠᠯᠳᠤᠭᠰᠠᠨ ᠠᠰᠠᠭᠤᠳᠠᠯ ᠢ ᠣᠨᠣᠪᠴᠢᠲᠠᠶ ᠲᠣᠰᠬᠠᠵᠤ ︽ᠺᠣᠳ᠋ ᠳᠡᠭᠡᠷ᠎ᠡ ᠰᠢᠭᠤᠳ ᠪᠡᠶᠡᠯᠡᠬᠦᠯᠬᠦ︾  ᠪᠣᠯᠣᠨ᠎ᠠ᠃     ᠲᠣᠰ ᠵᠠᠭᠠᠯᠳᠤᠯᠭ᠎ᠠ ᠶᠢᠨ ᠴᠣᠩᠬᠤ ᠨᠢ ᠭᠤᠣᠯᠳᠠᠭᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠬᠦᠷᠢᠶᠡᠨ ᠳᠠᠬᠢ ᠠᠮᠠᠯᠠᠯᠲᠠ ᠶᠢᠨ ᠵᠦᠢᠯᠡᠰ ᠤᠨ ᠪᠣᠯᠵᠤᠭ᠎ᠠ ᠠᠴᠠ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠲᠤᠰᠬᠠᠢ ᠬᠥᠮᠥᠨ ᠲᠣᠬᠢᠷᠠᠭᠤᠯᠣᠨ ︽  ᠦᠨᠡᠨᠴᠢ ᠢᠲᠡᠭᠡᠮᠵᠢᠲᠡᠢ ᠪᠠᠷ ᠵᠠᠭᠠᠯᠳᠤᠬᠤ ︾  ᠴᠣᠩᠬᠤᠨ ᠳᠤ ᠠᠵᠤ ᠠᠬᠤᠶᠢᠯᠠᠯ᠂ ᠣᠯᠠᠨ ᠲᠦᠮᠡᠨ ᠤ ᠵᠠᠭᠠᠯᠳᠤᠯᠭ᠎ᠠ ᠪᠠ ᠰᠠᠨᠠᠯ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠬᠤ ᠶᠢᠨ ᠬᠠᠮᠲᠤ  ᠭᠥᠯᠢᠶᠡᠨ ᠠᠪᠤᠭᠰᠠᠨ ᠵᠠᠭᠠᠯᠳᠤᠯᠭ᠎ᠠ ᠶᠢᠨ ᠰᠦᠪᠡᠭᠴᠢ ᠶᠢ ᠴᠠᠭ ᠲᠤᠬᠠᠢ ᠳᠤᠨᠢ ᠵᠠᠭᠠᠯᠳᠤᠭᠳᠠᠭᠰᠠᠨ ᠭᠤᠣᠯ ᠴᠣᠭᠴᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠤᠳᠤᠷᠢᠳᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠭᠥᠯᠢᠶᠡᠨ ᠠᠪᠴᠤ ᠰᠢᠢᠳᠪᠦᠷᠢᠯᠡᠨ᠂ ᠭᠦᠢᠴᠡᠳᠬᠡᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠦᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠢᠯᠡᠴᠢᠯᠡᠭᠡ ᠪᠠᠨ ᠰᠢᠯᠢᠳᠡᠭᠵᠢᠭᠦᠯᠦᠨ᠂ ︽ᠦᠨᠡᠨᠴᠢ ᠢᠲᠡᠭᠡᠮᠵᠢᠲᠡᠢ ᠪᠠᠷ ᠵᠠᠭᠠᠯᠳᠤᠬᠤ︾ ᠴᠣᠩᠬᠤ ᠪᠠᠶᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠠᠶᠢᠩᠭᠤᠵᠢᠭᠰᠠᠨ ᠂ ᠰᠢᠰᠲ᠋ᠧᠮᠵᠢᠭᠰᠡᠨ᠂ ᠥᠨᠳᠥᠷ ᠦᠷ᠎ᠡ ᠪᠦᠲᠦᠮᠵᠢ ᠲᠠᠢ ᠦᠨᠡᠨᠴᠢ ᠢᠲᠡᠭᠡᠮᠵᠢᠲᠡᠢ ᠪᠠᠷ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠦᠨᠡᠨᠴᠢ ᠢᠲᠡᠭᠡᠮᠵᠢᠲᠡᠢ ᠪᠠᠷ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠬᠦᠴᠦᠯᠡᠨ ᠪᠣᠶ ᠪᠣᠯᠭᠠᠵᠤ᠂ ᠤᠷᠠᠳ ᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ  ᠬᠦᠴᠦᠨ ᠨᠡᠮᠡᠷᠢᠯᠡᠨ᠎ᠡ᠃                     
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ