ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/19
     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 16 ᠤ ᠴᠠᠭᠢᠯᠭᠠᠨ ᠮᠡᠳᠡᠭᠡ 4 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ᠃   

4.19.1.1.jpg

     4 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ

ᠵᠣᠴᠢᠳ ᠤᠨ ᠪᠠᠭᠤᠳᠠᠯ ᠳᠤ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ

     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ

   

     ᠰᠢ ᠶᠢᠨ ᠫᠢᠩ᠂ ᠡᠨᠡ ᠵᠢᠯ ᠪᠣᠯ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ

10 ᠵᠢᠯ ᠤᠨ ᠤᠢ ᠪᠣᠯᠣᠨ᠎ᠠ᠃ 10 ᠵᠢᠯ ᠤᠨ ᠲᠤᠷᠰᠢ ᠬᠡᠳᠦ᠋ᠢᠪᠡᠷ ᠳᠡᠯᠡᠬᠡᠢ ᠶᠢᠨ ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ

ᠳᠤᠮᠳᠠᠳᠤ ᠭᠧᠷᠮᠠᠨ ᠤ ᠬᠠᠷᠢᠯᠴᠠᠭ᠎ᠠ ᠢᠮᠠᠭᠲᠠ ᠲᠣᠭᠲᠠᠪᠤᠷᠢᠲᠠᠢ ᠬᠥᠭᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠲᠠᠰᠤᠷᠠᠯᠳᠡ ᠦᠭᠡᠢ ᠪᠠᠬᠢᠵᠢᠨ

ᠭᠦᠨᠵᠡᠭᠡᠶᠢᠷᠡᠵᠦ᠂ ᠬᠤᠶᠠᠷ ᠤᠯᠤᠰ ᠤᠨ ᠲᠤᠰ ᠲᠤᠰ ᠤᠨ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠪᠠ᠃ ᠣᠳᠣᠬᠠᠨ ᠳᠤ ᠳᠡᠯᠡᠬᠡᠢ ᠶᠢᠷᠲᠢᠨᠴᠦ ᠶᠢᠨ

ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠨ ᠠᠬᠢᠵᠤ᠂ ᠬᠥᠮᠥᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ ᠪᠠᠶᠢᠭ᠎ᠠ ᠠᠶᠤᠯ

ᠲᠦᠭᠰᠢᠭᠦᠷᠢ ᠥᠷᠢᠰᠦᠯᠳᠦᠭᠡᠨ ᠣᠯᠠᠰᠢᠷᠠᠵᠤ ᠪᠠᠶᠢᠨ᠎ᠠ᠂ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ ᠲᠣᠮᠣ ᠤᠯᠤᠰ ᠤᠨ ᠬᠠᠮᠲᠤᠷᠠᠯᠴᠠᠭ᠎ᠠ ᠠᠴᠠ ᠰᠠᠯᠵᠤ

ᠴᠢᠳᠠᠬᠤ ᠦᠭᠡᠢ ᠶᠤᠮ᠃ ᠳᠤᠮᠳᠠᠳᠤ ᠭᠧᠷᠮᠠᠨ ᠪᠣᠯ ᠳᠡᠯᠡᠬᠡᠢ ᠶᠢᠨ ᠬᠤᠶᠠᠳᠤᠭᠠᠷ᠂ ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ ᠪᠣᠯᠣᠨ᠎ᠠ᠂

ᠳᠤᠮᠳᠠᠳᠤ ᠭᠧᠷᠮᠠᠨ ᠤ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠠᠴᠢ ᠬᠤᠯᠪᠣᠭᠳᠠᠯ ᠨᠢ ᠬᠤᠶᠠᠷ ᠲᠠᠯ᠎ᠠ ᠶᠢᠨ ᠬᠠᠷᠢᠯᠴᠠᠭᠠᠨ ᠤ ᠬᠦᠷᠢᠶ᠎ᠡ

ᠬᠡᠪᠴᠢᠶᠡᠨ ᠠᠴᠠ ᠳᠠᠪᠠᠵᠤ᠂ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠴᠢᠨᠠᠭᠰᠢᠯᠠᠪᠠᠯ ᠪᠦᠭᠦ ᠳᠡᠯᠡᠬᠡᠢ ᠳᠤ ᠴᠥᠮ ᠴᠢᠬᠤᠯᠠ ᠨᠥᠯᠥᠭᠡ ᠲᠠᠢ ᠶᠤᠮ᠃

ᠬᠤᠶᠠᠷ ᠤᠯᠤᠰ ᠢᠶᠠᠷ ᠢᠶᠠᠨ ᠠᠯᠤᠰ ᠭᠡᠳᠦ ᠶᠢᠨ ᠪᠠ ᠪᠠᠶᠢᠯᠳᠤᠬᠤ ᠪᠣᠳᠣᠯᠭ᠎ᠠ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠬᠤ ᠪᠠ

ᠡᠭᠦᠨ ᠢ ᠬᠥᠭᠵᠢᠭᠦᠯᠵᠦ᠂ ᠭᠠᠷ ᠬᠤᠯᠪᠣᠨ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠳᠠᠭᠠᠯᠳᠤ ᠴᠢᠨᠠᠷ ᠨᠡᠮᠡᠷᠢᠯᠡᠶ᠎ᠡ ᠭᠡᠵᠦ ᠵᠢᠭᠠᠵᠤ

ᠭᠠᠷᠭᠠᠪᠠ᠃

     ᠰᠢ ᠶᠢᠨ ᠫᠢᠩ᠂ ᠳᠤᠮᠳᠠᠳᠤ ᠭᠧᠷᠮᠠᠨ ᠬᠤᠶᠠᠷ ᠤᠯᠤᠰ ᠴᠥᠮ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠴᠢᠬᠤᠯᠠ ᠶᠡᠭᠡ ᠬᠤᠪᠢ

ᠨᠡᠮᠡᠷᠢ ᠦᠵᠡᠭᠦᠯᠵᠦ ᠥᠩᠭᠡᠷᠡᠭᠰᠡᠨ ᠶᠤᠮ᠃ ᠳᠤᠮᠳᠠᠳᠤ ᠭᠧᠷᠮᠠᠨ ᠤ ᠬᠤᠭᠤᠷᠣᠨᠳᠤ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠪᠠᠶᠢᠬᠤ ᠦᠭᠡᠢ᠂

ᠬᠠᠷᠢᠯᠴᠠᠨ ᠠᠮᠤᠷ ᠲᠦᠪᠰᠢᠨ ᠤ ᠰᠦᠷᠳᠡᠭᠦᠯᠦᠯ ᠪᠤᠯᠬᠤ ᠦᠭᠡᠢ ᠶᠤᠮ᠃ ᠳᠤᠮᠳᠠᠳᠤ ᠭᠧᠷᠮᠠᠨ ᠤ ᠬᠠᠮᠲᠤᠷᠠᠯᠴᠠᠭ᠎ᠠ ᠬᠤᠶᠠᠷ ᠲᠠᠯ᠎ᠠ ᠳᠤ ᠠᠰᠢᠭᠲᠠᠢ᠂

ᠳᠡᠯᠡᠬᠡᠢ ᠳᠤ ᠠᠰᠢᠭᠲᠠᠢ ᠶᠤᠮ᠃ ᠳᠡᠯᠡᠬᠡᠢ ᠶᠢᠷᠲᠢᠨᠴᠦ ᠬᠡᠳᠦᠢ ᠣᠷᠤᠭ᠎ᠠ ᠪᠤᠰᠬᠠᠭ᠎ᠠ ᠪᠤᠯᠬᠤ ᠳᠤᠳᠤᠮ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ

ᠬᠠᠷᠢᠯᠴᠠᠭᠠᠨ ᠤ ᠤᠶᠠᠨ ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢᠶᠠᠨ ᠲᠡᠳᠦᠢ ᠳᠡᠭᠡᠭᠰᠢᠯᠡᠭᠦᠯᠵᠦ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ

ᠬᠠᠮᠲᠤᠷᠠᠯᠴᠠᠭᠠᠨ ᠤ ᠭᠤᠣᠯ ᠭᠦᠭ ᠠᠶᠠᠰ ᠪᠣᠯᠣᠨ ᠬᠥᠭᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ

ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠤᠯᠬᠤ ᠡᠨᠡ ᠬᠦ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠶ᠎ᠡ᠃ ᠳᠤᠮᠳᠠᠳᠤ ᠤᠯᠤᠰ ᠤᠨ ᠭᠧᠷᠮᠠᠨ ᠳᠤ

ᠬᠠᠨᠳᠤᠭᠤᠯᠬᠤ ᠲᠥᠷᠥ ᠶᠢᠨ ᠪᠣᠳᠣᠯᠭ᠎ᠠ ᠪᠠᠨ ᠳᠡᠭᠡᠳᠦ ᠬᠡᠮᠵᠢᠶᠡᠨ ᠤ ᠲᠣᠭᠲᠠᠭᠤᠨ ᠴᠢᠨᠠᠷ ᠪᠠ ᠠᠪᠴᠠᠯᠳᠤᠩᠭᠤᠢ ᠴᠢᠨᠠᠷ ᠲᠠᠢ ᠪᠠᠶᠢᠬᠤ ᠶᠢ ᠪᠠᠲᠤᠯᠠᠵᠤ

ᠪᠠᠶᠢᠨ᠎ᠠ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠨᠡᠭᠡᠭᠡᠯᠲᠡ ᠲᠠᠢ ᠪᠠᠷ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ

ᠢᠲᠡᠭᠡᠯᠴᠡᠭᠡ ᠪᠠᠨ ᠨᠡᠮᠡᠭᠳᠡᠭᠦᠯᠪᠡᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ

ᠲᠠᠯ᠎ᠠ ᠪᠠᠨ ᠦᠯᠡᠳᠡᠭᠡᠬᠦ᠂ ᠰᠠᠨᠠᠯ ᠢᠶᠠᠨ ᠰᠣᠯᠢᠯᠴᠠᠨ ᠬᠠᠷᠢᠯᠴᠠᠨ ᠲᠣᠯᠢ ᠪᠤᠯᠭᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠳᠠᠭ ᠯᠠ

ᠶᠤᠮ ᠪᠣᠯ ᠬᠤᠶᠠᠷ ᠤᠯᠤᠰ ᠤᠨ ᠬᠠᠷᠢᠯᠴᠠᠭ᠎ᠠ ᠯᠠᠪᠲᠠᠢ ᠦᠷᠭᠦᠯᠵᠢᠯᠡᠨ ᠯᠠᠪᠳᠠᠭᠤᠨ ᠬᠤᠯᠠ ᠶᠠᠪᠤᠵᠤ ᠴᠢᠳᠠᠨ᠎ᠠ ᠭᠡᠵᠦ ᠴᠢᠬᠤᠯᠠᠴᠢᠯᠠᠵᠠᠢ᠃

     ᠰᠢ ᠶᠢᠨ ᠫᠢᠩ᠂ ᠳᠤᠮᠳᠠᠳᠤ ᠭᠧᠷᠮᠠᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠭᠦᠨᠵᠡᠭᠡᠢ ᠠᠭᠤᠰᠤᠯᠴᠠᠵᠤ᠂ ᠬᠤᠶᠠᠷ ᠤᠯᠤᠰ ᠤᠨ

ᠵᠠᠬ᠎ᠠ ᠳᠡᠯᠭᠡᠭᠦᠷ ᠳᠡᠭᠡᠳᠦ ᠬᠡᠮᠵᠢᠶ᠎ᠡ ᠪᠠᠷ ᠲᠦᠰᠢᠯᠴᠡᠨ ᠣᠷᠣᠰᠢᠵᠤ ᠪᠠᠶᠢᠨ᠎ᠠ᠃ ᠳᠤᠮᠳᠠᠳᠤ ᠭᠧᠷᠮᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ︽

ᠠᠶᠤᠯ ᠲᠦᠭᠰᠢᠭᠦᠷᠢ︾ ᠲᠠᠢ ᠪᠢᠰᠢ᠂ ᠬᠠᠷᠢᠨ ᠬᠤᠶᠠᠷ ᠲᠠᠯ᠎ᠠ ᠶᠢᠨ ᠬᠠᠷᠢᠯᠴᠠᠭ᠎ᠠ ᠲᠣᠭᠲᠠᠪᠤᠷᠢᠲᠠᠢ ᠪᠠᠶᠢᠬᠤ ᠶᠢᠨ ᠪᠠᠲᠤᠯᠠᠭ᠎ᠠ᠂ ᠢᠷᠡᠭᠡᠳᠦᠢ ᠶᠢ ᠨᠡᠭᠡᠭᠡᠬᠦ

ᠠᠵᠠ ᠲᠣᠭᠢᠶᠠᠯ ᠪᠣᠯᠣᠨ᠎ᠠ᠃ ᠮᠠᠰᠢᠨ ᠮᠧᠬᠠᠨᠢᠭ ᠦᠢᠯᠡᠳᠬᠦ᠂ ᠮᠠᠰᠢᠨ ᠲᠡᠷᠭᠡ ᠵᠡᠷᠭᠡ ᠤᠯᠠᠮᠵᠢᠯᠠᠯᠲᠤ ᠬᠦᠷᠢᠶ᠎ᠡ ᠴᠦ ᠲᠡᠷᠡ᠂ ᠪᠣᠬᠢᠷᠳᠤᠯ ᠦᠭᠡᠢ ᠲᠡᠶᠢᠰᠢ

ᠭᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠯᠳᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ ᠴᠦ ᠲᠡᠷᠡ᠂ ᠬᠤᠶᠠᠷ

ᠤᠯᠤᠰ ᠴᠥᠮ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠯᠤᠲᠤ ᠶᠡᠭᠡ ᠲᠠᠯᠳᠠ ᠬᠦᠴᠦᠨ ᠢ ᠠᠭᠤᠳᠠᠯᠵᠤ ᠪᠣᠯᠣᠨ᠎ᠠ᠃ ᠬᠤᠶᠠᠷ ᠲᠠᠯ᠎ᠠ ᠪᠠᠷ ᠢᠶᠠᠨ

ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠢᠯᠡ ᠲᠣᠳᠣ ᠣᠨᠴᠠᠯᠢᠭ ᠢ ᠪᠠᠳᠠᠷᠠᠭᠤᠯᠵᠤ᠂ ᠬᠠᠷᠢᠯᠴᠠᠨ ᠲᠦᠰᠢᠯᠴᠡᠨ ᠠᠮᠵᠢᠯᠲᠠ ᠣᠯᠪᠠᠯ ᠵᠣᠬᠢᠨ᠎ᠠ

᠃ ᠳᠤᠮᠳᠠᠳᠤ ᠤᠯᠤᠰ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ ᠵᠡᠷᠭᠡ ᠶᠢ ᠭᠠᠳᠠᠭᠠᠳᠤ ᠳᠤ

ᠭᠠᠷᠭᠠᠭᠰᠠᠨ ᠨᠢ ᠪᠦᠭᠦ ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠳᠠᠷᠤᠯᠲᠠ ᠶᠢ

ᠨᠠᠮᠳᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠪᠣᠬᠢᠷᠳᠤᠯ ᠦᠭᠡᠢ

ᠪᠠᠭ᠎ᠠ ᠨᠡᠭᠦᠷᠡᠰᠦᠲᠥ᠋ᠷᠥᠭᠴᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠦ ᠪᠠᠶᠢᠨ᠎ᠠ᠃ ᠳᠤᠮᠳᠠᠳᠤ ᠭᠧᠷᠮᠠᠨ

ᠬᠤᠶᠠᠷ ᠤᠯᠤᠰ ᠴᠥᠮ ᠠᠵᠤ ᠦᠢᠯᠡᠰ ᠢᠶᠠᠷ ᠤᠯᠤᠰ ᠢᠶᠠᠨ ᠪᠠᠶᠢᠭᠤᠯᠵᠤ᠂ ᠴᠥᠮ ᠴᠢᠯᠦᠭᠡᠲᠦ ᠠᠷᠠᠯᠵᠢᠶ᠎ᠠ ᠪᠣᠯᠣᠨ ᠠᠵᠤ ᠠᠬᠤᠢ ᠶᠢᠨ ᠳᠡᠯᠡᠬᠡᠶᠢᠵᠢᠯᠲᠡ ᠶᠢ

ᠳᠡᠮᠵᠢᠳᠡᠭ᠃ ᠬᠤᠶᠠᠷ ᠲᠠᠯ᠎ᠠ ᠪᠠᠷ ᠢᠶᠠᠨ ᠬᠠᠮᠠᠭᠠᠯᠠᠬᠤ ᠦᠵᠡᠯ ᠲᠣᠯᠣᠭᠠᠢ ᠥᠨᠳᠡᠶᠢᠬᠦ ᠶᠢ ᠰᠡᠷᠡᠮᠵᠢᠯᠡᠵᠦ᠂ ᠵᠠᠬ᠎ᠠ ᠳᠡᠯᠭᠡᠭᠦᠷ ᠤᠨ ᠬᠠᠷᠠᠴᠠ ᠪᠣᠯᠣᠨ ᠪᠦᠭᠦ

ᠪᠥᠮᠪᠥᠷᠴᠡᠭ ᠤᠨ ᠬᠠᠷᠠᠭᠠᠰᠤ᠂ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠬᠦ ᠶᠢ ᠪᠠᠷᠢᠮᠲᠠᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠠᠭᠤᠳᠠᠯ ᠳᠤ

ᠪᠤᠰᠤᠳᠴᠢ᠂ ᠬᠤᠪᠢᠰᠤᠩᠭᠤᠢ ᠪᠠᠷ ᠬᠠᠨᠳᠤᠵᠤ᠂ ᠬᠠᠮᠲᠤᠷᠠᠯᠴᠠᠭ᠎ᠠ ᠶᠢ ᠢᠯᠡᠭᠦᠬᠡᠨ ᠰᠦᠪᠡᠭᠴᠢᠯᠡᠶ᠎ᠡ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ

ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠬᠦᠷᠴᠦ ᠬᠥᠭᠵᠢᠬᠦ ᠳᠤ ᠡᠷᠬᠡ

ᠲᠡᠭᠰᠢ᠂ ᠢᠯᠡ ᠲᠣᠳᠣ᠂ ᠨᠡᠭᠡᠭᠡᠯᠲᠡᠲᠤ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠭᠧᠷᠮᠠᠨ ᠤ ᠬᠢᠨ ᠳᠤ

ᠬᠦᠰᠡᠵᠦ ᠪᠠᠶᠢᠨ᠎ᠠ᠃ ᠳᠤᠮᠳᠠᠳᠤ ᠭᠧᠷᠮᠠᠨ ᠳᠡᠯᠡᠬᠡᠢ ᠶᠢᠨ ᠣᠯᠠᠨ ᠲᠦᠢᠯᠰᠢᠷᠠᠬᠤ ᠠᠰᠠᠭᠤᠳᠠᠯ ᠳᠡᠭᠡᠷ᠎ᠡ ᠴᠥᠭᠡᠨ ᠪᠤᠰᠤ ᠠᠳᠠᠯᠢ ᠲᠠᠯ᠎ᠠ ᠲᠠᠢ ᠶᠤᠮ᠃ ᠤᠯᠠᠨ

ᠲᠦᠢᠯᠰᠢᠷᠠᠯᠲᠠ ᠨᠢ ᠮᠥᠨ ᠴᠢᠨᠠᠷ ᠳᠡᠭᠡᠷ᠎ᠡ ᠪᠠᠨ ᠠᠳᠠᠯᠢ ᠪᠤᠰᠤ ᠪᠣᠯᠪᠠᠰᠤᠨ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠵᠠᠮ ᠲᠠᠢ ᠤᠯᠤᠰ ᠤᠳ ᠤᠨ

ᠬᠤᠭᠤᠷᠣᠨᠳᠤ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠣᠰᠣᠲᠠᠢ᠃ ᠳᠤᠮᠳᠠᠳᠤ ᠭᠧᠷᠮᠠᠨ ᠪᠡᠶ᠎ᠡ ᠪᠠᠨ ᠳᠠᠭᠠᠭᠠᠵᠤ ᠡᠵᠡᠨ

ᠮᠡᠳᠡᠨ ᠤᠯᠠᠨ ᠲᠠᠯ᠎ᠠ ᠶᠢᠨ ᠬᠦᠷᠢᠶᠡᠨ ᠤ ᠬᠠᠮᠵᠢᠯᠴᠠᠭ᠎ᠠ ᠥᠷᠨᠢᠭᠦᠯᠵᠦ᠂ ᠳᠡᠯᠡᠬᠡᠢ ᠨᠡᠶᠢᠭᠡᠮ ᠤᠨ ᠪᠣᠳᠠᠲᠤ ᠠᠵᠢᠯᠯᠠᠭ᠎ᠠ ᠪᠠᠷ ᠢᠶᠠᠨ ᠠᠭᠤᠷ ᠠᠮᠢᠰᠬᠤᠯ ᠤᠨ

ᠬᠤᠪᠢᠷᠠᠯᠲᠠ᠂ ᠬᠥᠭᠵᠢᠯᠲᠡ ᠶᠢᠨ ᠲᠡᠩᠴᠡᠭᠦᠷᠢ ᠦᠭᠡᠢ ᠪᠠᠶᠢᠳᠠᠯ᠂ ᠭᠠᠵᠠᠷ ᠣᠷᠣᠨ ᠤ ᠮᠥᠷᠭᠦᠯᠳᠦᠭᠡᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ

ᠥᠷᠢᠰᠦᠯᠳᠦᠭᠡᠨ ᠢ ᠨᠡᠩ ᠰᠠᠶᠢᠨ ᠠᠷᠭᠠᠴᠠᠭᠠᠬᠤ ᠶᠢ ᠠᠬᠢᠭᠤᠯᠵᠤ᠂ ᠳᠡᠯᠡᠬᠡᠢ ᠶᠢᠨ ᠲᠡᠩᠴᠡᠭᠦᠷᠢ ᠲᠣᠭᠲᠠᠭᠤᠨ ᠳᠤ ᠨᠡᠩ ᠤᠯᠠᠨ ᠬᠤᠪᠢ ᠨᠡᠮᠡᠷᠢ

ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃

    ᠱᠦᠸᠧᠷᠼᠢ᠂ ᠣᠳᠣᠬᠠᠨ ᠳᠤ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠵᠤ᠂ ᠬᠤᠶᠠᠷ ᠲᠠᠯ᠎ᠠ ᠶᠢᠨ ᠡᠯ᠎ᠡ ᠳᠠᠪᠬᠤᠷᠭ᠎ᠠ᠂

ᠡᠯ᠎ᠡ ᠬᠦᠷᠢᠶᠡᠨ ᠤ ᠶᠠᠪᠤᠯᠴᠠᠭ᠎ᠠ ᠨᠢᠭᠲᠠ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠵᠢᠴᠢ

ᠪᠠᠶᠢᠯᠳᠤᠬᠤ ᠪᠣᠳᠣᠯᠭ᠎ᠠ᠂ ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠬᠦᠷᠢᠶᠡᠨ ᠤ ᠳᠡᠭᠡᠳᠦ ᠲᠡᠰ ᠤᠨ ᠶᠠᠷᠢᠯᠴᠠᠭ᠎ᠠ ᠶᠢ ᠠᠮᠵᠢᠯᠲᠠ ᠲᠠᠢ

ᠶᠠᠪᠤᠭᠳᠠᠭᠤᠯᠵᠤ᠂ ᠪᠠᠰᠠ ᠠᠭᠤᠷ ᠠᠮᠢᠰᠬᠤᠯ ᠤᠨ ᠬᠤᠪᠢᠷᠠᠯᠲᠠ ᠪᠣᠯᠣᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠠᠷᠢᠯᠴᠠᠭ᠎ᠠ ᠬᠢᠬᠦ

ᠪᠣᠯᠣᠨ᠎ᠠ᠃ ᠥᠩᠭᠡᠷᠡᠭᠰᠡᠨ ᠬᠤᠶᠠᠷ ᠡᠳᠦᠷ ᠪᠢ ᠭᠧᠷᠮᠠᠨ ᠤ ᠠᠵᠤ ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢᠳ ᠲᠠᠢ ᠴᠦᠩᠴᠢᠩ᠂ ᠱᠠᠩᠬᠠᠢ ᠵᠡᠷᠭᠡ

ᠭᠠᠵᠠᠷ ᠢᠶᠠᠷ ᠲᠣᠭᠤᠷᠢᠨ ᠦᠵᠡᠵᠦ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠣᠶᠢᠷ᠎ᠠ ᠶᠢᠨ ᠵᠢᠯ ᠳᠤ ᠣᠯᠣᠭᠰᠠᠨ ᠯᠤᠲᠤ ᠶᠡᠭᠡ

ᠠᠮᠵᠢᠯᠲᠠ ᠶᠢ ᠪᠡᠶᠡᠴᠢᠯᠡᠨ ᠣᠶᠢᠯᠠᠭᠠᠵᠤ᠂ ᠭᠧᠷᠮᠠᠨ ᠳᠤᠮᠳᠠᠳᠤ ᠬᠤᠶᠠᠷ ᠤᠯᠤᠰ ᠤᠨ ᠠᠵᠤ ᠠᠬᠤᠶᠢᠯᠠᠯ ᠤᠨ ᠡᠲᠡᠭᠡᠳ ᠤᠨ ᠨᠢᠭᠲᠠ ᠰᠠᠶᠢᠨ

ᠬᠠᠮᠲᠤᠷᠠᠯᠴᠠᠭ᠎ᠠ ᠳᠤ ᠭᠦᠨ ᠰᠠᠭᠤᠭᠳᠠᠯ ᠲᠠᠢ ᠪᠣᠯᠵᠠᠢ᠃ ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠬᠤᠶᠠᠷ ᠤᠯᠤᠰ ᠤᠨ

ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠤ ᠬᠤᠶᠠᠷ ᠲᠠᠯ᠎ᠠ ᠶᠢᠨ ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠤᠷᠭᠠᠨ

ᠬᠥᠮᠦᠵᠢᠯ᠂ ᠰᠣᠶᠣᠯ ᠵᠡᠷᠭᠡ ᠬᠦᠷᠢᠶᠡᠨ ᠤ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠤᠨ᠎ᠠ᠂ ᠡᠨᠡ ᠨᠢ ᠭᠧᠷᠮᠠᠨ ᠳᠤᠮᠳᠠᠳᠤ ᠬᠤᠶᠠᠷ ᠤᠯᠤᠰ

ᠵᠢᠴᠢ ᠳᠡᠯᠡᠬᠡᠢ ᠳ᠋ᠠᠬᠢᠨ ᠳᠤ ᠴᠥᠮ ᠲᠦᠢᠯ ᠤᠨ ᠴᠢᠬᠤᠯᠠ ᠶᠤᠮ᠃ ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ

ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠥᠷᠢᠰᠦᠯᠳᠦᠭᠡᠨ ᠢ ᠬᠠᠮᠲᠤ ᠪᠠᠷ

ᠠᠷᠭᠠᠴᠠᠭᠠᠵᠤ᠂ ᠤᠯᠠᠨ ᠲᠠᠯᠠᠲᠤ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠪᠠᠷ ᠴᠢᠷᠮᠠᠶᠢᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ

ᠬᠥᠭᠵᠢᠯᠲᠡ ᠶᠢ ᠠᠬᠢᠭᠤᠯᠵᠤ᠂ ᠡᠰᠡᠷᠭᠦᠴᠡᠯᠳᠦᠨ ᠲᠡᠮᠡᠴᠡᠯᠳᠦᠬᠦ ᠶᠢ ᠵᠥᠪᠰᠢᠶᠡᠷᠡᠬᠦ ᠦᠭᠡᠢ᠃ ᠭᠧᠷᠮᠠᠨ ᠤ ᠲᠠᠯ᠎ᠠ ᠶᠢᠨ ᠬᠢᠨ ᠬᠠᠮᠠᠭᠠᠯᠠᠬᠤ ᠦᠵᠡᠯ ᠢ

ᠡᠰᠡᠷᠭᠦᠴᠡᠵᠦ᠂ ᠴᠢᠯᠦᠭᠡᠲᠦ ᠠᠷᠠᠯᠵᠢᠶ᠎ᠠ ᠶᠢ ᠳᠠᠮᠵᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ ᠪᠦᠷᠢᠯᠳᠦᠭᠦᠨ

ᠪᠣᠯᠤᠭᠰᠠᠨ ᠤ ᠬᠤᠪᠢ ᠳᠤ᠂ ᠭᠧᠷᠮᠠᠨ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ

ᠰᠠᠶᠢᠨ ᠰᠠᠶᠢᠬᠠᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃

     ᠬᠤᠶᠠᠷ ᠤᠯᠤᠰ ᠤᠨ ᠤᠳᠤᠷᠢᠳᠬᠤ ᠬᠥᠮᠥᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠤᠮᠳᠠᠳᠤ ᠭᠧᠷᠮᠠᠨ

ᠴᠥᠮ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ ᠪᠠᠷ ᠴᠢᠷᠮᠠᠶᠢᠵᠤ᠂

ᠴᠥᠮ᠎ᠡ ᠶᠢᠨ ᠵᠡᠪᠰᠡᠭ ᠬᠡᠷᠡᠭᠯᠡᠬᠦ ᠪᠤᠶᠤ ᠡᠩᠬᠡ ᠲᠠᠶᠢᠪᠤᠩ ᠴᠥᠮ᠎ᠡ ᠶᠢᠨ ᠲᠥᠬᠦᠭᠡᠷᠦᠮᠵᠢ ᠶᠢ ᠳᠠᠭᠠᠷᠢᠬᠤ ᠶᠢ ᠡᠰᠡᠷᠭᠦᠴᠡᠵᠦ᠂ ᠣᠯᠠᠨ ᠤᠯᠤᠰ ᠤᠨ ᠠᠮᠤ

ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠣᠯᠠᠨ ᠤᠯᠤᠰ ᠤᠨ ᠬᠥᠮᠦᠯᠢᠭ ᠦᠵᠡᠯ ᠤᠨ ᠬᠠᠤᠯᠢ ᠶᠢ ᠵᠢᠷᠤᠮᠯᠠᠨ᠎ᠠ ᠭᠡᠵᠦ

ᠢᠯᠡᠳᠬᠡᠪᠡ᠃

     ᠰᠢ ᠶᠢᠨ ᠫᠢᠩ᠂ ᠣᠳᠣᠬᠠᠨ ᠤ ᠪᠠᠶᠢᠳᠠᠯ ᠳᠣᠣᠷ᠎ᠠ ᠮᠥᠷᠭᠦᠯᠳᠦᠭᠡᠨ ᠤ ᠡᠷᠭᠢᠭᠦᠯᠭᠡᠨ ᠭᠡᠯᠪᠡᠷᠢ ᠪᠠᠷ ᠲᠡᠰ ᠳᠡᠪᠰᠢᠬᠦ ᠴᠢᠨᠠᠭᠰᠢᠯᠠᠪᠠᠯ ᠡᠵᠡᠮᠰᠢᠯ ᠢᠶᠠᠨ

ᠠᠯᠳᠠᠬᠤ ᠠᠴᠠ ᠰᠡᠷᠭᠡᠶᠢᠯᠡᠬᠦ ᠶᠢᠨ ᠲᠥᠯᠥᠭᠡ᠂ ᠡᠯ᠎ᠡ ᠲᠠᠯ᠎ᠠ ᠶᠢᠨ ᠬᠢᠨ ᠡᠩᠬᠡ ᠲᠠᠶᠢᠪᠤᠩ ᠢ ᠡᠷᠲᠡᠬᠡᠨ ᠰᠡᠷᠭᠦᠭᠡᠬᠦ ᠪᠠᠷ ᠬᠠᠮᠲᠤ ᠪᠠᠷ ᠴᠢᠷᠮᠠᠶᠢᠪᠠᠯ ᠵᠣᠬᠢᠨ᠎ᠠ᠃

ᠡᠶᠢᠮᠦ ᠠᠴᠠ ᠳᠣᠣᠷᠠᠬᠢ ᠬᠡᠳᠦᠨ ᠵᠠᠷᠴᠢᠮ ᠢ ᠪᠠᠷᠢᠮᠲᠠᠯᠠᠪᠠᠯ ᠵᠣᠬᠢᠨ᠎ᠠ᠄ ᠨᠢᠭᠡ ᠳᠤ ᠡᠩᠬᠡ ᠲᠠᠶᠢᠪᠤᠩ ᠲᠣᠭᠲᠠᠭᠤᠨ ᠪᠠᠶᠢᠬᠤ ᠶᠡᠭᠡ ᠲᠠᠯ᠎ᠠ ᠶᠢ ᠴᠢᠬᠤᠯᠠᠴᠢᠯᠠᠵᠤ

᠂ ᠬᠤᠪᠢ ᠶᠢᠨ ᠠᠰᠢᠭ ᠲᠤᠰᠠ ᠪᠠᠨ ᠬᠥᠭᠡᠭᠡᠴᠡᠯᠳᠦᠬᠦ ᠦᠭᠡᠢ ᠪᠠᠶᠢᠬᠤ ᠬᠡᠷᠡᠭᠲᠡᠢ᠃ ᠬᠤᠶᠠᠷ ᠲᠤ ᠴᠠᠭ ᠤᠨ ᠪᠠᠶᠢᠳᠠᠯ ᠤᠨ ᠬᠠᠯᠠᠭᠤᠷᠠᠯ ᠢ ᠨᠠᠮᠳᠠᠭᠤᠯᠵᠤ᠂

ᠨᠣᠴᠣᠭᠰᠠᠨ ᠭᠠᠯ ᠳᠡᠭᠡᠷ᠎ᠡ ᠲᠣᠰᠣ ᠨᠡᠮᠡᠬᠦ ᠦᠭᠡᠢ ᠪᠠᠶᠢᠬᠤ ᠬᠡᠷᠡᠭᠲᠡᠢ᠃ ᠭᠤᠷᠪᠠ ᠳᠤ ᠡᠩᠬᠡ ᠲᠠᠶᠢᠪᠤᠩ ᠢ ᠰᠡᠷᠭᠦᠭᠡᠬᠦ ᠳᠤ ᠨᠥᠬᠦᠴᠡᠯ ᠬᠤᠷᠠᠮᠳᠤᠭᠤᠯᠵᠤ᠂

ᠵᠥᠷᠢᠴᠡᠯ ᠢ ᠴᠢᠨᠠᠭᠰᠢᠳᠠ ᠬᠤᠷᠴᠠᠳᠬᠠᠬᠤ ᠦᠭᠡᠢ ᠪᠠᠶᠢᠬᠤ ᠬᠡᠷᠡᠭᠲᠡᠢ᠃ ᠳᠥᠷᠪᠡ ᠳᠤ ᠳᠡᠯᠡᠬᠡᠢ ᠶᠢᠨ ᠠᠵᠤ ᠠᠬᠤᠢ ᠳᠤ ᠦᠵᠡᠭᠦᠯᠭᠦ ᠨᠠᠵᠠᠭᠠᠢ ᠨᠥᠯᠥᠭᠡ ᠶᠢ

ᠪᠠᠭᠠᠰᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠡᠪᠳᠡᠬᠦ ᠦᠭᠡᠢ ᠪᠠᠶᠢᠬᠤ ᠬᠡᠷᠡᠭᠲᠡᠢ᠃

ᠳᠤᠮᠳᠠᠳᠤ ᠤᠯᠤᠰ ᠪᠣᠯ ᠦᠺᠷᠠᠶᠢᠨ ᠤ ᠬᠢᠮᠤᠷᠠᠯ ᠤᠨ ᠬᠤᠯᠪᠤᠭ᠎ᠠ ᠲᠠᠢ ᠲᠠᠯ᠎ᠠ᠂ ᠣᠷᠣᠯᠴᠠᠬᠰᠠᠨ ᠲᠠᠯ᠎ᠠ ᠪᠢᠰᠢ᠂ ᠭᠡᠪᠡᠴᠦ ᠥᠪᠡᠷ ᠤᠨ ᠠᠷᠭ᠎ᠠ ᠪᠠᠷ ᠢᠶᠠᠨ

ᠡᠪᠰᠡᠬᠦ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠤᠭᠰᠠᠭᠠᠷ ᠢᠷᠡᠵᠡᠶ᠃ ᠳᠤᠮᠳᠠᠳᠤ ᠤᠯᠤᠰ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ

ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ ᠲᠡᠮᠵᠢᠵᠥ᠂ ᠤᠷᠤᠰ ᠦᠺᠷᠠᠶᠢᠨ ᠬᠤᠶᠠᠷ ᠲᠠᠯ᠎ᠠ ᠶᠢᠨ ᠬᠢᠨ ᠪᠦᠷ ᠮᠡᠳᠡᠷᠡᠬᠦ᠂ ᠡᠯ᠎ᠡ ᠲᠠᠯ᠎ᠠ ᠶᠢᠨ ᠬᠢᠨ

ᠡᠷᠬᠡ ᠲᠡᠭᠰᠢ ᠪᠠᠷ ᠣᠷᠤᠯᠴᠠᠬᠤ᠂ ᠪᠤᠢ ᠪᠦᠬᠦᠢ ᠨᠠᠶᠢᠷᠠᠮᠳᠠᠯ ᠤᠨ ᠲᠥᠰᠥᠯ ᠢ ᠡᠷᠬᠡ ᠲᠡᠭᠰᠢ ᠪᠠᠷ ᠶᠠᠷᠢᠯᠴᠠᠬᠤ ᠤᠯᠠᠨ ᠤᠯᠤᠰ ᠤᠨ ᠡᠩᠬᠡ ᠲᠠᠶᠢᠪᠤᠩ ᠤᠨ

ᠬᠤᠷᠠᠯ ᠢ ᠴᠠᠭ ᠲᠠᠭᠠᠨ ᠲᠣᠬᠢᠷᠠᠭᠤᠯᠤᠨ ᠬᠤᠷᠠᠯᠳᠤᠭᠤᠯᠬᠤ ᠶᠢ ᠲᠡᠮᠵᠢᠵᠥ᠂ ᠳᠤᠷᠠᠲᠠᠶ᠎ᠠ ᠭᠧᠷᠮᠠᠨ ᠢ ᠪᠠᠭᠲᠠᠭᠠᠭᠰᠠᠨ ᠬᠤᠯᠪᠣᠭᠳᠠᠯ ᠪᠦᠬᠦᠢ

ᠲᠠᠯ᠎ᠠ ᠶᠢᠨ ᠬᠢᠨ ᠲᠠᠢ ᠨᠢᠭᠲᠠ ᠣᠯᠣᠯᠴᠠᠭ᠎ᠠ ᠪᠠᠨ ᠪᠠᠲᠤᠯᠠᠨ᠎ᠠ ᠭᠡᠵᠦ ᠴᠢᠬᠤᠯᠠᠴᠢᠯᠠᠪᠠ᠃

     ᠬᠤᠶᠠᠷ ᠲᠠᠯ᠎ᠠ ᠪᠠᠷ ᠢᠶᠠᠨ ᠪᠠᠰᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ

ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ

ᠠᠶᠤᠯ ᠦᠭᠡᠢ ᠶᠢᠨ ᠵᠥᠪᠯᠡᠯ ᠤᠨ 2728 ᠳ᠋ᠤᠭᠠᠷ ᠲᠣᠭᠠᠲᠤ ᠰᠢᠢᠳᠪᠦᠷᠢ ᠶᠢ ᠨᠠᠶᠢᠳᠠᠪᠤᠷᠢᠵᠢᠭᠤᠯᠵᠤ᠂ ᠬᠡᠷᠡᠭ ᠶᠡᠬᠡᠳᠬᠦ ᠶᠢ ᠰᠡᠷᠭᠡᠶᠢᠯᠡᠵᠦ᠂ ᠪᠠᠶᠢᠳᠠᠯ

ᠴᠢᠨᠠᠭᠰᠢᠳᠠ ᠮᠠᠭᠤᠳᠠᠬᠤ ᠠᠴᠠ ᠵᠠᠶᠢᠯᠠᠰᠬᠢᠵᠦ᠂ ᠭᠠᠽᠠ ᠣᠷᠣᠨ ᠤ ᠬᠠᠷᠰᠢ ᠰᠠᠭᠠᠳ ᠦᠭᠡᠢ᠂ ᠦᠷᠭᠦᠯᠵᠢᠯᠡᠬᠦ ᠬᠥᠮᠦᠯᠢᠭ ᠦᠵᠡᠯ ᠤᠨ ᠣᠷᠣᠬᠤ

ᠵᠥᠪᠰᠢᠶᠡᠷᠡᠯ ᠢ ᠪᠠᠲᠤᠯᠠᠵᠤ᠂ ᠫᠠᠯᠧᠰᠲ᠋ᠠᠶᠢᠨ ᠤ ᠠᠰᠠᠭᠤᠳᠠᠯ ᠢ ︽ᠬᠤᠶᠠᠷ ᠤᠯᠤᠰ ᠤᠨ ᠲᠥᠰᠥᠯ︾ ᠤᠨ ᠰᠠᠭᠤᠷᠢᠨ ᠳᠡᠭᠡᠷ᠎ᠡ ᠡᠷᠲᠡᠬᠡᠨ ᠬᠡᠯᠡᠯᠴᠡᠭᠡ

ᠬᠢᠬᠦ ᠪᠠᠷ ᠳᠠᠮᠵᠢᠨ ᠰᠢᠢᠳᠪᠦᠷᠢᠯᠡᠬᠦ ᠶᠢ ᠳᠡᠮᠵᠢᠵᠦ᠂ ᠨᠥᠯᠥᠭᠡᠯᠡᠬᠦ ᠬᠦᠴᠦᠨ ᠲᠠᠢ ᠤᠯᠤᠰ ᠢ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ

ᠬᠠᠮᠠᠭᠠᠯᠠᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠤᠷᠢᠶᠠᠯᠠᠵᠤ᠂ ᠫᠠᠯᠧᠰᠲ᠋ᠠᠶᠢᠨ ᠤ ᠠᠰᠠᠭᠤᠳᠠᠯ ᠤᠨ ᠡᠷᠲᠡᠬᠡᠨ ᠪᠦᠭᠦ ᠲᠠᠯ᠎ᠠ ᠶᠢᠨ᠂

ᠲᠥᠪ ᠭᠤᠣᠯᠴᠢ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠭᠳᠡᠬᠦ ᠶᠢ ᠠᠬᠢᠭᠤᠯᠪᠠᠯ ᠵᠣᠬᠢᠨ᠎ᠠ ᠭᠡᠵᠦ ᠦᠵᠡᠪᠡ᠃

     ᠠᠭᠤᠯᠵᠠᠯᠲᠠ ᠶᠢᠨ ᠳᠠᠷᠠᠭ᠎ᠠ᠂ ᠰᠢ ᠶᠢᠨ ᠫᠢᠩ ᠱᠦᠸᠧᠷᠼᠢ ᠲᠠᠢ ᠬᠠᠮᠲᠤ ᠰᠡᠯᠡᠭᠦᠴᠡᠨ ᠠᠯᠬᠤᠬᠤ ᠶᠢᠨ ᠬᠠᠮᠲᠤ ᠦᠳᠡ ᠶᠢᠨ ᠬᠤᠭᠤᠯᠠ ᠵᠣᠭᠤᠭᠯᠠᠵᠤ

᠂ ᠥᠷᠭᠡᠨ ᠳᠡᠯᠭᠡᠷ ᠵᠥᠪᠯᠡᠬᠦ ᠵᠦᠢᠯ ᠤᠨ ᠲᠤᠬᠠᠢ ᠰᠠᠨᠠᠯ ᠢᠶᠠᠨ ᠴᠢᠨᠠᠭᠰᠢᠳᠠ ᠭᠦᠨᠵᠡᠭᠡᠢ ᠰᠣᠯᠢᠯᠴᠠᠪᠠ᠃

     ᠸᠠᠩ ᠢ ᠠᠭᠤᠯᠵᠠᠯᠲᠠ ᠳᠤ ᠣᠷᠣᠯᠴᠠᠵᠠᠢ᠃

   

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ