ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠢᠩ ᠬᠠᠢ ᠫᠧᠩ ᠳᠤ ︽ᠣᠨᠴᠠ ᠲᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠵᠤ ᠵᠦ ᠶᠠᠩ ᠵᠦ ᠭᠦᠢ ᠬᠠᠢ ᠴᠤᠤ ᠳᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠭᠤᠷᠪᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠬᠤ ᠲᠤᠬᠠᠢ ᠲᠣᠭᠲᠠᠭᠠᠯ
ᠨᠡᠶᠢᠲᠡᠯᠡᠭᠰᠡᠨ ᠴᠠᠭ᠄
2024/4/19
     ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠢᠩ ᠬᠠᠢ ᠫᠧᠩ ᠳᠤ ︽ᠣᠨᠴᠠ ᠲᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠵᠤ ᠵᠦ ᠶᠠᠩ ᠵᠦ ᠭᠦᠢ ᠬᠠᠢ ᠴᠤᠤ ᠳᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠭᠤᠷᠪᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠬᠤ ᠲᠤᠬᠠᠢ ᠲᠣᠭᠲᠠᠭᠠᠯ     ︵2024 ᠣᠨ ᠤ 4 ᠰᠠᠷ᠎ᠠ ᠶᠢᠨ 18 ᠤ ᠡᠳᠦᠷ︶     2023 ᠣᠨ ᠤ 5 ᠰᠠᠷ᠎ᠠ ᠶᠢᠨ 30 ᠤ ᠡᠳᠦᠷ᠂ ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠠᠮᠵᠢᠯᠲᠠ ᠲᠠᠢ ᠬᠠᠷᠪᠤᠵᠤ᠂ ᠰᠠᠨᠰᠠᠷᠴᠢᠨ ᠵᠢᠩ ᠬᠠᠢ ᠫᠧᠩ᠂ ᠵᠦ ᠶᠠᠩ ᠵᠦ᠂ ᠭᠦᠢ ᠬᠠᠢ ᠴᠤᠤ ᠨᠢᠰᠬᠦ ᠣᠩᠭᠤᠴᠠ ᠶᠢ ᠵᠢᠯᠣᠭᠤᠳᠤᠨ ᠲᠢᠶᠠᠨ ᠾᠧ ᠭᠤᠣᠯ ᠦᠷᠦᠭᠡ ᠳᠤ ᠠᠮᠵᠢᠯᠲᠠ ᠲᠠᠢ ᠣᠷᠣᠵᠤ᠂ ᠲᠣᠭᠤᠷᠢᠯᠲᠠ ᠶᠢᠨ ᠵᠠᠮ ᠳᠤ 5 ᠰᠠᠷ᠎ᠠ ᠠᠶᠠᠯᠠᠵᠤ᠂ ᠤᠷᠢᠳ ᠬᠤᠵᠢᠳ 1 ᠤᠳᠠᠭ᠎ᠠ ᠦᠷᠦᠭᠡ ᠠᠴᠠ ᠭᠠᠷᠬᠤ ᠠᠵᠢᠯᠯᠠᠭ᠎ᠠ ᠥᠷᠨᠢᠭᠦᠯᠵᠦ᠂ 1 ᠤᠳᠠᠭ᠎ᠠ ᠰᠠᠨᠰᠠᠷ ᠠᠴᠠ ᠬᠢᠴᠢᠶᠡᠯ ᠣᠷᠣᠵᠤ᠂ ᠠᠯᠢ ᠤᠯᠠᠨ ᠣᠭᠲᠠᠷᠭᠤᠢ ᠶᠢᠨ ᠰᠢᠨᠵᠢᠯᠡᠬᠦ ᠤᠬᠠᠭᠠᠨ ᠤ ᠲᠤᠷᠰᠢᠯᠲᠠ ᠪᠣᠯᠣᠨ ᠬᠡᠷᠡᠭᠯᠡᠭᠡᠨ ᠤ ᠠᠴᠢᠶᠠᠯᠠᠯᠲᠠ ᠶᠢᠨ ᠲᠣᠭᠤᠷᠢᠯᠲᠠ ᠶᠢᠨ ᠵᠠᠮ ᠳᠠᠬᠢ ᠲᠤᠷᠰᠢᠯᠲᠠ ᠬᠢᠵᠦ᠂ ᠰᠠᠨᠰᠠᠷ ᠤᠨ ᠦᠷᠳᠡᠭᠡ ᠶᠢᠨ ︽ᠭᠤᠷᠪᠠᠨ ᠦᠷᠦᠭᠡ ᠭᠤᠷᠪᠠᠨ ᠣᠩᠭᠤᠴᠠ︾ ᠶᠢᠨ ᠪᠦᠲᠦᠴᠡ ᠳᠣᠣᠷᠠᠬᠢ ᠲᠠᠪᠴᠠᠩ ᠤᠨ ᠬᠠᠮᠢᠶᠠᠷᠤᠯᠲᠠ ᠠᠷᠠᠴᠢᠯᠠᠯᠲᠠ ᠶᠢ ᠪᠡᠶᠡᠯᠡᠭᠦᠯᠵᠦ᠂ 2023 ᠣᠨ ᠤ 10 ᠰᠠᠷ᠎ᠠ ᠶᠢᠨ 31 ᠤ ᠡᠳᠦᠷ ᠠᠮᠤᠷ ᠲᠦᠪᠰᠢᠨ ᠪᠤᠴᠠᠵᠤ ᠢᠷᠡᠪᠡ᠃ ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠣᠯ ᠰᠠᠨᠰᠠᠷ ᠤᠨ ᠥᠷᠲᠡᠭᠡ ᠶᠢ ᠪᠦᠭᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠬᠡᠷᠡᠭᠯᠡᠭᠡᠨ ᠤ ᠪᠠ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠰᠠᠨ ᠤ ᠳᠠᠷᠠᠭᠠᠬᠢ ᠠᠩᠬᠠᠳᠠᠭᠴᠢ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠠᠶᠢᠵᠤ᠂ ᠠᠩᠬ᠎ᠠ ᠤᠳᠠᠭ᠎ᠠ ᠰᠠᠨᠰᠠᠷ ᠤᠨ ᠵᠢᠯᠣᠭᠤᠴᠢ᠂ ᠰᠠᠨᠰᠠᠷ ᠤᠨ ᠨᠢᠰᠦᠯᠲᠡ ᠶᠢᠨ ᠢᠨᠵᠧᠨᠧᠷ᠂ ᠠᠴᠢᠶᠠᠯᠠᠯᠲᠠ ᠶᠢᠨ ᠲᠤᠰᠬᠠᠢ ᠮᠡᠷᠭᠡᠵᠢᠯᠲᠡᠨ ᠵᠡᠷᠭᠡ 3 ᠲᠥᠷᠥᠯ ᠤᠨ ᠰᠠᠨᠰᠠᠷᠴᠢᠨ ᠬᠠᠮᠲᠤ ᠪᠠᠷ ᠡᠭᠦᠷᠭᠡ ᠭᠦᠢᠴᠡᠳᠬᠡᠪᠡ᠂ ᠡᠨᠡ ᠨᠢ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠭᠰᠡᠨ ᠢ ᠬᠠᠷᠠᠭᠤᠯᠵᠤ᠂ ᠮᠠᠨ ᠤ ᠤᠯᠤᠰ ᠤᠨ ᠤᠯᠤᠰ ᠤᠨ ᠶᠡᠷᠦᠩᠬᠡᠢ ᠬᠦᠴᠦᠨ ᠢ ᠳᠡᠭᠡᠭᠰᠢᠯᠡᠭᠦᠯᠭᠦ ᠪᠠ ᠳᠤᠮᠳᠠᠳᠤ ᠶᠢᠨ ᠦᠨᠳᠦᠰᠦᠲᠡᠨ ᠤ ᠨᠢᠭᠲᠠᠷᠠᠭᠤᠯᠬᠤ ᠬᠦᠴᠦᠨ ᠢ ᠴᠢᠩᠭᠠᠳᠬᠠᠬᠤ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠡᠮᠡᠴᠡᠯ ᠤᠨ ᠵᠣᠷᠢᠭ ᠢ ᠬᠥᠭᠵᠢᠭᠡᠬᠦ᠂ ᠪᠦᠯᠬᠦᠮᠳᠡᠨ ᠲᠡᠮᠡᠴᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ᠂ ᠰᠠᠨᠰᠠᠷᠴᠢᠨ᠂ ᠺᠠᠳ᠋ᠷ ᠠᠵᠢᠯᠲᠠᠨ᠂ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠶᠢᠨ ᠤᠶᠤᠨ ᠤᠬᠠᠭᠠᠨ ᠪᠠ ᠬᠦᠴᠦ ᠬᠥᠯᠥᠰᠦ ᠰᠢᠩᠭᠡᠵᠦ ᠪᠠᠶᠢᠨ᠎ᠠ᠃ ᠵᠢᠩ ᠬᠠᠢ ᠫᠧᠩ᠂ ᠵᠦ ᠶᠠᠩ ᠵᠦ᠂ ᠭᠦᠢ ᠬᠠᠢ ᠴᠤᠤ ᠨᠥᠬᠦᠷ ᠪᠣᠯ ᠡᠭᠦᠨ ᠤ ᠳᠣᠲᠣᠷᠠᠬᠢ ᠭᠠᠷᠮᠠᠭᠠᠢ ᠲᠥᠯᠥᠭᠡᠯᠡᠭᠴᠢ ᠪᠣᠯᠣᠨ᠎ᠠ᠂ ᠲᠡᠳᠡ ᠡᠬᠡ ᠤᠯᠤᠰ ᠤᠨ ᠢᠶᠠᠨ ᠲᠥᠯᠥᠭᠡ ᠵᠢᠳᠬᠦᠬᠦ ᠪᠠᠷ ᠵᠣᠷᠢᠭ ᠰᠢᠭᠤᠳᠴᠤ᠂ ᠡᠭᠦᠷᠭᠡ ᠬᠠᠷᠢᠭᠤᠴᠠᠯᠭ᠎ᠠ ᠳᠠᠭᠠᠨ ᠦᠨᠡᠨᠴᠢ ᠰᠢᠳᠤᠷᠭᠤ᠂ ᠠᠶᠤᠯ ᠲᠦᠭᠰᠢᠭᠦᠷᠢ ᠠᠴᠠ ᠰᠦᠷᠳᠡᠬᠦ ᠦᠭᠡᠢ᠂ ᠪᠦᠯᠬᠦᠮᠳᠡᠨ ᠬᠠᠮᠵᠢᠯᠴᠠᠵᠤ᠂ ᠳᠡᠯᠡᠬᠡᠢ ᠳ᠋ᠠᠬᠢᠨ ᠳᠤ ᠬᠦᠴᠦᠷᠬᠡᠭ ᠶᠡᠭᠡ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠦᠴᠦᠨ ᠴᠢᠳᠠᠯ ᠢ ᠬᠠᠷᠠᠭᠤᠯᠪᠠ᠃ ᠵᠢᠩ ᠬᠠᠢ ᠫᠧᠩ ᠨᠥᠬᠦᠷ 4 ᠤᠳᠠᠭ᠎ᠠ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠵᠦ᠂ 3 ᠤᠳᠠᠭ᠎ᠠ ᠵᠢᠭᠠᠪᠤᠷᠢ ᠥᠭᠬᠦ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠂ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠬᠠᠮᠤᠭ ᠤᠨ ᠤᠯᠠᠨ ᠭᠦᠢᠴᠡᠳᠬᠡᠭᠰᠡᠨ ᠳᠤᠮᠳᠠᠳᠤ ᠤᠯᠤᠰ ᠤᠨ ᠰᠠᠨᠰᠠᠷᠴᠢᠨ ᠪᠣᠯᠪᠠ᠃ ᠵᠦ ᠶᠠᠩ ᠵᠦ ᠨᠥᠬᠦᠷ ᠡᠷᠡᠰ ᠰᠢᠭᠤᠷᠬᠠᠢ᠂ ᠵᠣᠷᠢᠭᠲᠠᠢ ᠥᠷᠢᠰᠦᠯᠳᠦᠵᠦ᠂ ᠨᠠᠷᠢᠨ ᠨᠢᠮᠪᠠᠢ ᠠᠵᠢᠯᠯᠠᠵᠤ᠂ ᠮᠠᠨ ᠤ ᠤᠯᠤᠰ ᠤᠨ ᠠᠩᠬᠠᠳᠠᠭᠴᠢ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠬᠦ᠂ ᠦᠷᠦᠭᠡ ᠠᠴᠠ ᠭᠠᠷᠭᠠᠬᠤ ᠠᠵᠢᠯᠯᠠᠭ᠎ᠠ ᠶᠢ ᠥᠷᠨᠢᠭᠦᠯᠬᠦ ᠰᠠᠨᠰᠠᠷ ᠤᠨ ᠠᠶᠠᠯᠠᠯ ᠤᠨ ᠨᠢᠰᠦᠯᠲᠡ ᠶᠢᠨ ᠢᠨᠵᠧᠨᠧᠷ ᠪᠣᠯᠪᠠ᠃ ᠭᠦᠢ ᠬᠠᠢ ᠴᠤᠤ ᠨᠥᠬᠦᠷ ᠬᠠᠲᠠᠭᠤᠵᠢᠯᠲᠠᠢ ᠪᠣᠯᠪᠠᠰᠤᠷᠠᠵᠤ᠂ ᠳᠠᠪᠬᠤᠷ ᠳᠠᠪᠬᠤᠷ ᠬᠢᠨᠠᠨ ᠰᠢᠯᠭᠠᠯᠲᠠ ᠶᠢ ᠥᠩᠭᠡᠷᠡᠭᠡᠵᠦ᠂ ᠢᠷᠠᠭᠤ ᠠᠯᠳᠠᠷᠲᠠᠢ ᠪᠠᠷ ᠬᠤᠪᠢᠯᠭᠠᠨ ᠣᠩᠭᠤᠴᠠ ᠠᠷᠪᠠᠨ ᠵᠢᠷᠭᠤᠳᠤᠭᠠᠷ ᠤᠨ ᠨᠢᠰᠦᠯᠲᠡ ᠶᠢᠨ ᠳᠤᠭᠤᠶᠢᠯᠠᠩ ᠤᠨ ᠭᠡᠰᠢᠭᠦᠨ ᠢᠶᠠᠷ ᠰᠣᠩᠭᠤᠭᠳᠠᠵᠤ᠂ ᠮᠠᠨ ᠤ ᠤᠯᠤᠰ ᠤᠨ ᠠᠩᠬᠠᠳᠠᠭᠴᠢ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠭᠰᠡᠨ ᠠᠴᠢᠶᠠᠯᠠᠯᠲᠠ ᠶᠢᠨ ᠲᠤᠰᠬᠠᠢ ᠮᠡᠷᠭᠡᠵᠢᠯᠲᠡᠨ ᠪᠣᠯᠪᠠ᠃ ᠲᠡᠳᠡᠨ ᠤ ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠲᠤ ᠦᠵᠡᠭᠦᠯᠦᠭᠰᠡᠨ ᠭᠠᠷᠮᠠᠭᠠᠢ ᠭᠠᠪᠢᠶ᠎ᠠ ᠵᠢᠳᠬᠦᠯ ᠢ ᠬᠥᠬᠢᠭᠦᠯᠦᠨ ᠰᠠᠶᠢᠰᠢᠶᠠᠬᠤ ᠶᠢᠨ ᠲᠤᠯᠠᠳᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢᠩ ᠬᠠᠢ ᠫᠧᠩ ᠨᠥᠬᠦᠷ ᠲᠤ ︽ᠣᠨᠴᠠ ᠲᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠵᠤ᠂ ᠵᠦ ᠶᠠᠩ ᠵᠦ᠂ ᠭᠦᠢ ᠬᠠᠢ ᠴᠤᠤ ᠨᠥᠬᠦᠷ ᠲᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠭᠤᠷᠪᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠬᠤ ᠪᠠᠷ ᠲᠣᠭᠲᠠᠪᠠ᠃     ᠵᠢᠩ ᠬᠠᠢ ᠫᠧᠩ᠂ ᠵᠦ ᠶᠠᠩ ᠵᠦ᠂ ᠭᠦᠢ ᠬᠠᠢ ᠴᠤᠤ ᠨᠥᠬᠦᠷ ᠪᠣᠯ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠡᠷᠬᠢᠮ ᠳᠡᠭᠡᠳᠦ ᠦᠢᠯᠡᠰ ᠲᠤ ᠠᠮᠢ ᠪᠡᠶ᠎ᠡ ᠪᠠᠨ ᠵᠣᠷᠢᠭᠤᠯᠬᠤ ᠴᠠᠭ ᠦᠶ᠎ᠡ ᠶᠢᠨ ᠬᠤᠰᠢᠭᠤᠴᠢ ᠮᠥᠨ᠂ ᠣᠷᠴᠢᠯᠠᠩ ᠢ ᠬᠠᠶᠢᠨ ᠰᠦᠪᠡᠭᠴᠢᠯᠡᠬᠦ ᠂ ᠬᠦᠰᠡᠯ ᠵᠡᠭᠦᠳᠦ ᠪᠠᠨ ᠲᠡᠷᠭᠡᠯᠰᠢᠭᠦᠯᠬᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠢᠱᠢᠶᠡᠴᠢ ᠮᠥᠨ᠃ ᠨᠠᠮ ᠤᠨ ᠲᠥᠪ ᠬᠤᠷᠢᠶ᠎ᠠ ᠶᠢᠨ ᠤᠷᠢᠶᠠᠯᠠᠭ᠎ᠠ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠠᠶᠢᠰᠢᠶᠠᠨ ᠬᠥᠬᠢᠭᠦᠯᠦᠭᠳᠡᠭᠰᠡᠨ ᠰᠠᠨᠰᠠᠷᠴᠢᠨ ᠢᠶᠠᠷ ᠳᠠᠭᠤᠷᠢᠶᠠᠯ ᠪᠤᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ︽ᠬᠤᠶᠠᠷ ᠪᠥᠮᠪᠦᠭᠡ ᠨᠢᠭᠡ ᠤᠳᠤ︾ ᠶᠢᠨ ᠵᠣᠷᠢᠭ ᠰᠠᠨᠠᠭ᠎ᠠ ᠪᠠ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠪᠦᠯᠬᠦᠮᠳᠡᠨ ᠲᠡᠮᠡᠴᠡᠰᠦᠭᠡᠢ︕   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ