ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 75 ᠳ᠋ᠤᠭᠠᠷ ᠤᠳᠠᠭᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨᠠᠵᠢᠯ ᠤᠨ ᠤᠳᠤᠷᠢᠳᠬᠤ ᠲᠣᠭᠤᠶᠢᠯᠠᠩ ᠤᠨ ᠬᠤᠷᠠᠯ ᠬᠤᠷᠠᠯ᠊
ᠨᠡᠶᠢᠲᠡᠯᠡᠭᠰᠡᠨ ᠴᠠᠭ᠄
2024/4/19
      ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠣᠶᠣᠯᠲᠤ ᠮᠠᠨ ᠤ ᠬᠤᠰᠢᠭᠤᠨ ᠤ ᠠᠷᠪᠠᠨ ᠲᠦᠷᠪᠠᠳᠦᠭᠡᠷ  ᠬᠤᠭᠤᠴᠠᠭᠠᠨ ᠤ  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶᠠᠨ ᠤ 75 ᠳ᠋ᠣᠭᠠᠷ ᠤᠲᠠᠭᠠᠨ ᠤ ᠬᠤᠷᠠᠯ ᠵᠢᠴᠢ ᠨᠠᠮ ᠤᠨ  ᠪᠠᠶᠢᠭᠤᠯᠤᠯᠲᠠ  ᠶᠢᠨ ᠠᠵᠢᠯ ᠤᠨ  ᠤᠳᠤᠷᠢᠳᠬᠤ  ᠳᠤᠭᠤᠶᠢᠯᠠᠩ ᠤᠨ  ᠬᠤᠷᠠᠯ ᠢ ᠡᠷᠬᠢᠯᠡᠨ ᠬᠤᠷᠠᠯᠳᠤᠪᠠ᠃      ᠬᠤᠷᠠᠯ ᠠᠴᠠ ᠶᠠᠷᠣᠩᠭᠡᠢ  ᠱᠦᠵᠢ ᠰᠢ ᠶᠢᠨ ᠫᠢᠩ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ᠂ ᠠᠷᠪᠠᠨ ᠲᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ  ᠬᠤᠷᠠᠯᠳᠤᠭᠠᠨ ᠤ ᠵᠢᠶᠠᠩᠰᠤ ᠶᠢᠨ ᠲᠦᠯᠦᠭᠡᠯᠡᠭᠴᠢᠳ ᠤᠨ ᠪᠦᠯᠬᠦᠮ ᠤᠨ ᠬᠢᠨᠠᠨ  ᠵᠦᠪᠯᠡᠬᠦ ᠦᠶ᠎ᠡ  ᠶᠢᠨ ᠴᠢᠬᠤᠯᠠ  ᠶᠠᠷᠢᠶ᠎ᠠ᠂ ᠬᠤᠨᠠᠨ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ  ᠴᠢᠬᠤᠯᠠ ᠶᠠᠷᠢᠶᠠᠨ ᠤ  ᠵᠤᠷᠢᠭ ᠰᠠᠨᠠᠭ᠎ᠠ ᠶᠢ  ᠤᠯᠠᠮᠵᠢᠯᠠᠨ  ᠰᠤᠷᠤᠯᠴᠠᠵᠤ᠂  ᠬᠤᠯᠪᠤᠭᠳᠠᠯ ᠪᠦᠭᠦᠢ ᠠᠵᠢᠯ ᠢ  ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤᠨ ᠤ ᠳᠡᠭᠡᠳᠤ ᠳᠣᠣᠷᠠᠳᠤ ᠱᠠᠲᠤᠨ ᠤ  ᠬᠢᠨ ᠰᠢ ᠶᠢᠨ ᠫᠢᠩ ᠤᠨ ᠠᠮᠢ  ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ ᠂ ︽  ᠨᠣᠭᠤᠭᠠᠷᠠᠭᠤᠯᠤᠯᠲᠠ  ᠶᠢ ᠨᠡᠮᠡᠭᠳᠡᠭᠦᠯᠬᠦ ᠪᠣᠯ  ᠳᠠᠷᠤᠢ  ᠳᠠᠪᠠᠭᠤᠯᠢᠭ ᠢ ᠨᠡᠮᠡᠭᠳᠡᠭᠦᠯᠬᠦ ᠶᠠᠪᠤᠳᠡᠯ ᠮᠥᠨ᠂ ᠮᠣᠳᠣ ᠲᠠᠷᠢᠬᠤ ᠪᠣᠯ ᠲᠡᠷᠦᠢ ᠢᠷᠡᠭᠡᠳᠦᠢ ᠶᠢ ᠴᠣᠭᠴᠠᠯᠠᠬᠤ ᠶᠠᠪᠤᠳᠠᠯ ᠮᠦᠨ︾ ᠭᠡᠬᠦ ᠣᠶᠢᠯᠠᠭᠠᠭᠳᠠᠬᠤᠨ ᠢ ᠪᠠᠲᠦ ᠪᠠᠬᠢ ᠪᠤᠢ ᠪᠣᠯᠭᠠᠵᠤ᠂ ᠨᠤᠭᠤᠭᠠᠷᠠᠭᠤᠯᠤᠯᠲᠠ ᠶᠢ ᠦᠷᠭᠡᠳᠭᠡᠬᠦ᠂ ᠨᠤᠭᠤᠭᠠᠷᠠᠭᠤᠯᠤᠯᠳ᠋ᠨ ᠶᠢ ᠬᠥᠭᠵᠢᠭᠦᠯᠬᠦ᠂ ᠨᠣᠭᠤᠭᠠᠷᠠᠭᠤᠯᠤᠯᠲᠡ  ᠶᠢ ᠬᠠᠮᠠᠭᠠᠯᠠᠬᠤ ᠶᠢ  ᠵᠡᠷᠭᠡ  ᠪᠠᠷ ᠴᠢᠬᠤᠯᠠᠴᠢᠯᠠᠬᠤ ᠶᠢ  ᠪᠠᠷᠢᠮᠲᠠᠯᠠᠨ᠂ ᠥᠪᠡᠷᠳᠡᠭᠡᠨ ᠵᠠᠰᠠᠬᠤ ᠣᠷᠤᠨ ᠤ ︽  ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ ᠵᠠᠰᠠᠬᠤ ᠪᠠ ᠰᠠᠯᠬᠢ ᠴᠡᠬᠢᠯᠭᠠᠨ ᠬᠡᠷᠡᠯ ᠴᠡᠨᠡᠭ ᠢ ᠨᠢᠭᠡ   ᠴᠣᠭᠴᠠᠵᠢᠭᠤᠯᠬᠤ  ᠢᠨᠵᠧᠨᠧᠷᠢᠩ︾ ᠢᠶᠠᠷ  ᠬᠦᠲᠦᠯᠤᠮᠵᠢ ᠪᠣᠯᠭᠠᠵᠦ᠂  ᠠᠮᠢ ᠠᠬᠤᠢ ᠳᠤ ᠬᠡᠷᠡᠭᠯᠡᠬᠦ ᠭᠠᠵᠠᠷ ᠢ ᠰᠢᠨᠵᠢᠯᠡᠬᠦ  ᠤᠬᠠᠭᠠᠨᠴᠢ ᠪᠠᠷ  ᠵᠠᠭᠠᠭᠯᠠᠨ  ᠲᠣᠭᠲᠠᠭᠠᠬᠤ  ᠪᠠ ᠵᠦᠢ  ᠵᠣᠬᠢᠰᠲᠠᠢ  ᠲᠣᠬᠢᠷᠠᠭᠤᠯᠵᠤ ᠂  ᠮᠠᠨ ᠤ  ᠬᠤᠰᠢᠭᠤᠨ ᠤ《 ᠪᠣᠬᠢᠷᠳᠦᠯ ᠦᠭᠡᠢ  ᠦᠪ ᠬᠦᠷᠥᠩᠭᠡ︾  ᠶᠢ  ᠲᠠᠰᠤᠷᠠᠯᠲᠠ ᠦᠭᠡᠢ  ᠨᠡᠮᠡᠭᠳᠡᠭᠦᠯᠬᠦ ᠭᠡᠷᠡᠭᠳᠠᠢ ᠭᠡᠪᠡ᠃     ᠬᠤᠷᠠᠯ ᠠᠴᠠ ᠨᠠᠮ ᠤᠨ ᠰᠠᠬᠢᠯᠭ᠎ᠠ ᠪᠠᠲᠦ ᠶᠢᠨ  ᠰᠤᠷᠤᠯᠴᠠᠯᠭ᠎ᠠ ᠬᠦᠮᠦᠵᠢᠯ ᠤᠨ ᠲᠣᠬᠠᠢ ᠲᠥᠪ  ᠬᠤᠷᠢᠶ᠎ᠠ᠂ ᠦᠪᠡᠷᠲᠡᠭᠡᠨ  ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ  ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠬᠠᠮᠢᠶ᠎ᠠ ᠪᠥᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ  ᠬᠤᠰᠢᠭᠤᠨ ᠤ ᠨᠠᠮ ᠤᠨ ᠰᠠᠬᠢᠯᠭ᠎ᠠ ᠪᠠᠲᠤ  ᠶᠢᠨ  ᠰᠤᠷᠤᠯᠴᠠᠯᠭ᠎ᠠ  ᠬᠦᠮᠦᠵᠢᠯ ᠢ  ᠦᠷᠨᠢᠭᠦᠯᠬᠦ  ᠠᠵᠢᠯ ᠤᠨ ᠲᠦᠰᠦᠯ︾ ︽  ᠬᠤᠰᠢᠭᠤ ᠨᠠᠮ ᠤᠨ ᠬᠤᠷᠢᠶ᠎ᠠ ᠶᠢᠨ ᠨᠠᠮ  ᠤᠨ ᠰᠠᠬᠢᠯᠭ᠎ᠠ ᠪᠠᠲᠤ ᠶᠢᠨ  ᠰᠤᠷᠤᠯᠴᠠᠯᠭ᠎ᠠ  ᠬᠦᠮᠦᠵᠢᠯ ᠤᠨ ᠭᠤᠤᠯᠳᠠᠯᠭ᠎ᠠ  ᠲᠠᠢ ᠠᠵᠢᠯ  ᠤᠨ  ᠲᠣᠬᠢᠷᠠᠭᠤᠯᠤᠯᠲᠠ  ᠶᠢᠨ ᠰᠠᠨᠠᠭᠤᠯᠭ᠎ᠠ︾ ᠶᠢ ᠬᠢᠨᠠᠨ ᠵᠥᠪᠯᠡᠪᠡ᠃     ᠬᠤᠷᠠᠯ  ᠠᠴᠠ  ᠴᠢᠬᠤᠯᠠᠴᠢᠯᠠᠭᠰᠠᠨ ᠨᠢ᠂ ᠪᠦᠬᠦ  ᠬᠤᠰᠢᠭᠤᠨ ᠤ ᠡᠯ᠎ᠡ ᠱᠠᠳᠤᠨ ᠤ ᠨᠠᠮ ᠤᠨ ᠵᠣᠬᠢᠶᠠᠨ  ᠪᠠᠶᠢᠭᠤᠯᠤᠯᠲᠠ  ᠪᠣᠯᠤᠨ ᠦᠷᠭᠡᠨ ᠣᠯᠠᠨ  ᠨᠠᠮ ᠤᠨ  ᠭᠡᠰᠢᠭᠦᠨ  ᠺᠠᠳ᠋ᠷᠴᠤᠳ ᠨᠠᠮ ᠤᠨ ᠰᠠᠬᠢᠯᠭ᠎ᠠ ᠪᠠᠲᠦ ᠶᠢᠨ  ᠰᠤᠷᠤᠯᠴᠠᠯᠭ᠎ᠠ  ᠬᠦᠮᠦᠵᠢᠯ ᠢ  ᠦᠷᠨᠢᠭᠦᠯᠬᠦ ᠶᠢᠨ ᠴᠢᠬᠤᠯᠠ ᠶᠡᠭᠡ ᠠᠴᠢ  ᠬᠤᠯᠪᠤᠭᠳᠠᠯ ᠢ  ᠭᠦᠢᠴᠡᠳ ᠲᠠᠨᠢᠵᠦ ᠂ ᠨᠡᠮ ᠤᠨ  ᠰᠠᠬᠢᠯᠭ᠎ᠠ ᠪᠠᠲᠦ  ᠶᠢᠨ ᠰᠤᠷᠤᠯᠴᠠᠯᠭ᠎ᠠ  ᠬᠦᠮᠦᠵᠢᠯ ᠤᠨ ᠪᠣᠳᠠᠲᠦ ᠦᠷ᠎ᠡ ᠪᠦᠳᠦᠮᠵᠢ ᠣᠯᠬᠤ ᠶᠢ ᠪᠠᠲᠦᠯᠠᠬᠤ ᠬᠡᠷᠡᠭᠳᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ  ᠬᠦᠮᠦᠵᠢᠯ ᠢ ᠲᠥᠪᠯᠡᠷᠡᠭᠦᠯᠦᠨ ᠵᠠᠰᠠᠬᠤ ᠲᠠᠢ ᠤᠶᠠᠯᠳᠤᠭᠤᠯᠵᠦ᠂ ᠲᠤᠭᠤᠷᠢᠨ  ᠪᠠᠶᠢᠴᠠᠭᠠᠬᠤ ᠳᠤ  ᠢᠯᠡᠷᠡᠭᠦᠯᠦᠭᠰᠡᠨ ᠠᠰᠠᠭᠤᠳᠠᠯ ᠢ  ᠭᠦᠨᠵᠡᠭᠡᠢ ᠵᠠᠳᠠᠯᠵᠤ᠂ ᠰᠠᠬᠢᠯᠭ᠎ᠠ ᠪᠠᠲᠦ ᠶᠢ ᠵᠦᠷᠢᠴᠠᠵᠤ ᠬᠠᠤᠯᠢ ᠴᠠᠭᠠᠵᠠ ᠶᠢ ᠵᠦᠷᠢᠴᠡᠭᠰᠡᠨ ᠺᠠᠳ᠋ᠷᠴᠤᠳ ᠤᠨ  ᠰᠡᠷᠡᠮᠵᠢᠯᠡᠭᠦᠯᠬᠦ  ᠲᠡᠮᠳᠡᠭᠯᠡᠯ᠂  ᠰᠡᠷᠡᠮᠵᠢᠯᠡᠭᠦᠯᠬᠦ ᠬᠥᠮᠦᠵᠢᠯ ᠤᠨ ᠹᠢᠯᠢᠮ ᠪᠠ ᠰᠡᠷᠡᠮᠵᠢᠯᠡᠭᠦᠯᠬᠦ ᠬᠦᠮᠦᠵᠢᠯ ᠤᠨ ᠰᠠᠭᠤᠷᠢᠨ ᠵᠡᠷᠭᠡ ᠡᠬᠢ ᠪᠠᠶᠠᠯᠢᠭ  ᠢ  ᠰᠠᠶᠢᠲᠤᠷ ᠬᠡᠷᠡᠭᠯᠡᠵᠦ᠂ ᠨᠠᠮ ᠤᠨ ᠭᠡᠰᠢᠭᠦᠨ ᠺᠠᠳ᠋ᠷᠴᠤᠳ ᠲᠤ ᠰᠠᠷᠠᠮᠵᠢ  ᠦᠭᠴᠦ᠂ ᠨᠠᠭᠠᠳᠦ  ᠵᠠᠬ᠎ᠠ ᠶᠢᠨ ᠪᠠᠷᠢᠮᠵᠢᠶ᠎ᠠ ᠶᠢ   ᠲᠣᠳᠤᠷᠬᠠᠶᠢᠯᠠᠵᠤ᠂  ᠪᠢᠰᠢᠷᠠᠨ ᠵᠢᠷᠤᠬᠡᠰᠢᠶᠡᠬᠦ  ᠶᠢ ᠨᠢ ᠮᠡᠳᠡᠭᠦᠯᠬᠦ ᠬᠡᠷᠡᠭᠳᠡᠢ᠃ ᠨᠠᠮ ᠤᠨ ᠰᠠᠬᠢᠯᠭ᠎ᠠ ᠪᠠᠲᠦ  ᠶᠢᠨ ᠬᠥᠮᠥᠵᠢᠯ᠂  ᠠᠷᠢᠭᠤᠨ  ᠴᠢᠭᠡᠴᠢ ᠰᠣᠶᠣᠯ  ᠤᠨ  ᠬᠦᠮᠦᠵᠢᠯ ᠢ  ᠬᠠᠷᠢᠯᠴᠠᠨ ᠨᠡᠪᠲᠡᠷᠡᠯᠴᠡᠭᠦᠯᠵᠦ᠂ ᠰᠢᠨ᠎ᠡ ᠪᠠᠷ  ᠲᠡᠪᠰᠢᠭᠦᠯᠦᠭᠰᠡᠨ  ᠺᠠᠳ᠋ᠷ᠂  ᠵᠠᠯᠠᠭᠤ ᠺᠠᠳ᠋ᠷ ᠂  ᠵᠠᠩᠭᠢᠯᠠᠭ᠎ᠠ ᠶᠢᠨ ᠠᠵᠢᠯ   ᠤᠨ  ᠪᠠᠶᠢᠷᠢ ᠶᠢᠨ  ᠺᠠᠳ᠋ᠷ  ᠵᠡᠷᠭᠡ  ᠭᠤᠣᠯᠳᠠᠯᠭ᠎ᠠ ᠲᠠᠢ  ᠡᠲᠡᠭᠡᠳ ᠤᠨ ᠰᠠᠬᠢᠯᠭ᠎ᠠ ᠪᠠᠲᠤ ᠶᠢᠨ ᠪᠣᠯᠪᠠᠰᠤᠷᠠᠯ ᠢ  ᠲᠣᠪᠤᠶᠢᠮ᠎ᠠ ᠰᠠᠶᠢᠲᠦᠷ  ᠠᠳᠬᠤᠵᠤ᠂  ᠨᠠᠮ ᠤᠨ ᠰᠠᠬᠢᠯᠭ᠎ᠠ ᠪᠠᠲᠤ  ᠶᠢᠨ ᠬᠦᠮᠦᠵᠢᠯ ᠢ  ᠡᠳᠦᠷ ᠲᠣᠳᠤᠮ ᠤᠨ  ᠠᠵᠢᠯ ᠳᠤ ᠠᠠᠭᠤᠰᠤᠯᠴᠠᠭᠤᠯᠵᠤ᠂ ᠪᠠᠶᠢᠩᠭᠤ  ᠠᠳᠬᠤᠬᠤ ᠶᠢ ᠠᠬᠢᠭᠤᠯᠬᠤ ᠭᠡᠷᠡᠭᠳᠡᠢ ᠭᠡᠪᠡ᠃     ᠬᠤᠳᠠᠯ ᠠᠴᠠ  ᠪᠠᠰᠠ  ᠪᠣᠰᠤᠳ ᠵᠦᠢᠯ ᠢ ᠰᠤᠳᠤᠯᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ