ᠲᠠᠷᠢᠶᠠᠴᠢᠳ ᠤᠨ ᠣᠷᠣᠯᠭ᠎ᠠ ᠶᠢ ᠬᠡᠷᠬᠢᠨ ᠦᠷᠭᠦᠯᠵᠢᠯᠡᠨ ᠨᠡᠮᠡᠭᠳᠡᠭᠦᠯᠬᠦ ᠪᠤᠢ︖ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠪᠠᠷᠢᠯ ᠢ ᠴᠢᠩᠭᠠᠳᠬᠠᠬᠤ ᠶᠠᠪᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠦᠷᠨᠢᠭᠦᠯᠬᠦ ᠶᠢ ᠳᠤᠷᠠᠳᠪᠠ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠷᠥ ᠶᠢᠨ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ | ᠪᠠᠶᠢᠴᠠᠭᠠᠭᠴᠢ ᠵᠣᠣ ᠴᠠᠩ ᠪᠦᠦ ᠲᠠᠨᠢᠯᠴᠠᠭᠤᠯᠬᠤ ᠳᠤ ᠪᠠᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ | ︾ ᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠪᠠᠨ ᠰᠠᠭᠤᠷᠢᠯᠠᠨ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠭᠤᠣᠯᠳᠠᠭᠤ 4 ᠲᠠᠯ᠎ᠠ ᠪᠠᠷ ᠥᠷᠭᠡᠳᠬᠡᠨ᠎ᠡ ᠭᠡᠵᠡᠢ᠃ | ᠬᠥᠳᠡᠭᠡ ᠲᠣᠰᠬᠤᠨ ᠤ ᠠᠵᠤ ᠦᠢᠯᠡᠰ ᠤᠨ ᠬᠠᠷᠢᠴᠠᠭᠤᠯᠤᠭᠰᠠᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠳᠡᠮᠵᠢᠯᠭᠡ | ᠬᠠᠮᠠᠭᠠᠯᠠᠯᠲᠠ ᠶᠢᠨ ᠳᠦᠷᠢᠮ ᠢ ᠠᠬᠢᠭᠤᠯᠤᠨ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ | ᠲᠣᠭᠲᠠᠴᠠ ᠶᠢ ᠪᠦᠷᠢᠨᠰᠢᠭᠦᠯᠦᠨ᠂ ᠲᠠᠷᠢᠶᠠᠴᠢᠳ ᠤᠨ ᠠᠮᠤ ᠪᠤᠳᠠᠭ᠎ᠠ ᠲᠠᠷᠢᠪᠠᠯ ᠵᠣᠭᠤᠰ ᠣᠯᠵᠤ᠂ ᠢᠯᠡᠭᠦᠦ ᠠᠰᠢᠭ ᠣᠯᠬᠤ ᠶᠢ ᠦᠨᠡᠨ ᠬᠦ ᠪᠠᠲᠤᠯᠠᠨ᠎ᠠ᠃ | ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠷᠢᠶᠠᠴᠢᠳ ᠲᠠᠢ | ᠬᠤᠯᠪᠣᠭᠠᠯᠠᠵᠤ ᠲᠠᠷᠢᠶᠠᠴᠢᠳ ᠢ ᠲᠠᠶᠢᠴᠢᠯᠠᠨ ᠲᠠᠷᠢᠶᠠᠴᠢᠳ ᠲᠤ ᠠᠰᠢᠭ ᠬᠦᠷᠲᠡᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠦᠷᠳᠡᠭ | ᠨᠡᠮᠡᠭᠳᠡᠯ ᠤᠨ ᠠᠰᠢᠭ ᠣᠷᠣᠯᠭ᠎ᠠ ᠶᠢ ᠬᠥᠳᠡᠭᠡ ᠲᠣᠰᠬᠤᠨ᠂ ᠲᠠᠷᠢᠶᠠᠴᠢᠳ ᠲᠤ ᠨᠡᠩ ᠢᠯᠡᠭᠦᠦ ᠦᠯᠡᠳᠡᠭᠡᠨ᠎ᠡ᠃ | ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ | ᠪᠠᠭᠲᠠᠭᠠᠮᠵᠢ ᠪᠠᠷ ᠶᠡᠭᠡ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠲᠤ ᠨᠡᠩ | ᠤᠯᠠᠨ ᠳᠡᠷᠭᠡᠳᠡᠬᠢ ᠠᠵᠢᠯ ᠤᠨ ᠵᠠᠪᠰᠢᠶᠠᠨ ᠬᠠᠩᠭᠠᠨ᠎ᠠ᠃ ᠥᠨᠳᠥᠷ ᠬᠡᠪ ᠴᠢᠨᠠᠷ ᠪᠦᠬᠦᠢ ᠲᠠᠷᠢᠶᠠᠴᠢᠳ ᠢ ᠬᠥᠮᠥᠵᠢᠭᠦᠯᠬᠦ ᠲᠥᠯᠥᠪᠯᠡᠭᠡ ᠶᠢ ᠦᠷᠭᠦᠯᠵᠢᠯᠡᠨ | ᠬᠡᠷᠡᠭᠵᠢᠭᠦᠯᠵᠦ᠂ ᠬᠥᠳᠡᠭᠡ ᠲᠣᠰᠬᠤᠨ ᠤ ᠦᠢᠯᠡᠰ ᠪᠤᠰᠬᠠᠬᠤ ᠶᠢ ᠳᠡᠮᠵᠢᠵᠦ᠂ ᠲᠠᠷᠢᠶᠠᠴᠢᠳ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠤᠳᠤ ᠦᠶ᠎ᠡ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠡᠷᠬᠡ ᠶᠢ ᠨᠤᠲᠠᠯᠠᠨ ᠲᠣᠭᠲᠠᠭᠠᠬᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠷᠬᠡ ᠣᠯᠭᠤᠬᠤ ᠶᠢ ᠯᠠᠪᠳᠠᠭᠤᠨ ᠢᠶᠠᠷ ᠠᠬᠢᠭᠤᠯᠵᠤ᠂ ᠡᠷᠬᠡ ᠶᠢ ᠠᠮᠢᠳᠤᠯᠢᠭᠵᠢᠭᠤᠯᠬᠤ ᠶᠢ ᠡᠮᠬᠢ | ᠵᠢᠷᠤᠮ ᠲᠠᠢ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠪᠠ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠥᠳᠡᠭᠡ | ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠴᠢᠳ ᠲᠤ ᠨᠡᠩ | ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ | ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠰᠢᠭᠤᠯᠤᠨ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ᠃ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠠᠵᠢᠯᠯᠠᠭᠤᠯᠵᠤ᠂ ᠬᠢᠨᠠᠨ | ᠰᠢᠨᠵᠢᠯᠲᠡ ᠶᠢ ᠴᠠᠭ ᠲᠤᠬᠠᠢ ᠳᠤ ᠨᠢ ᠪᠣᠳᠠᠲᠠᠶᠢᠵᠢᠭᠤᠯᠵᠤ᠂ ᠬᠠᠪᠰᠤᠷᠤᠨ ᠲᠡᠳᠬᠦᠬᠦ ᠶᠢ ᠨᠠᠷᠢᠯᠢᠭ ᠣᠨᠣᠴᠠᠲᠠᠢ ᠪᠣᠳᠠᠲᠠᠶᠢᠵᠢᠭᠤᠯᠤᠨ᠎ᠠ᠃ ᠬᠠᠪᠰᠤᠷᠤᠨ | ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠲᠦᠷᠦᠯ ᠬᠤᠪᠢᠶᠠᠨ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ | ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠣᠷᠣᠯᠭ᠎ᠠ ᠶᠢ ᠦᠷᠭᠦᠯᠵᠢᠯᠡᠨ | ᠲᠣᠭᠲᠠᠭᠤᠨ ᠢᠶᠠᠷ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠂ | ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠢ ᠰᠠᠶᠢᠲᠤᠷ ᠠᠰᠢᠭᠯᠠᠵᠤ᠂ ᠠᠵᠢᠯ ᠣᠯᠭᠤᠬᠤ ᠪᠠᠷ ᠲᠡᠳᠬᠦᠬᠦ ᠶᠢ ᠣᠷᠣᠯᠠᠭᠤᠯᠬᠤ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠡᠪᠴᠢᠶᠡᠲᠦ ᠴᠢᠨᠠᠷᠲᠠᠢ ᠳᠠᠬᠢᠨ ᠶᠠᠳᠠᠭᠤᠷᠠᠬᠤ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ | ᠣᠷᠣᠨ ᠤ ᠪᠠᠶᠢᠩᠭᠤᠰᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠰᠤᠳᠤᠯᠤᠨ ᠰᠦᠪᠡᠭᠴᠢᠯᠡᠵᠦ᠂ ᠲᠡᠭᠦᠨ ᠤ ᠳᠣᠲᠣᠭᠠᠳᠤ ᠶᠢᠨ ᠬᠥᠭᠵᠢᠯᠲᠡ ᠶᠢᠨ | ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ | ︽ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠭᠤᠣᠯ ᠡᠭᠦᠷᠭᠡ ᠮᠥᠨ ᠪᠣᠯᠬᠤᠷ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠣᠬᠢᠴᠠᠯᠳᠤᠭᠤᠯᠤᠨ ᠠᠬᠢᠭᠤᠯᠬᠤ ᠬᠡᠷᠡᠭᠲᠡᠢ᠂ ᠠᠵᠤ ᠦᠢᠯᠡᠰ ᠢᠶᠠᠷ ᠳᠠᠶᠢᠴᠢᠯᠠᠬᠤ᠂ | ᠠᠵᠢᠯ ᠣᠯᠭᠤᠯᠲᠠ ᠪᠠᠷ ᠳᠠᠶᠢᠴᠢᠯᠠᠬᠤ᠂ ᠥᠭᠡᠷᠡᠴᠢᠯᠡᠯᠲᠡ ᠪᠠᠷ ᠠᠬᠢᠭᠤᠯᠬᠤ ᠪᠠᠷ ᠳᠠᠮᠵᠢᠭᠤᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ | ᠪᠠᠶᠠᠵᠢᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ | ᠲᠠᠷᠢᠶᠠᠴᠢᠳ ᠲᠤ ᠬᠥᠷᠲᠡᠭᠡᠬᠦ ᠬᠡᠷᠡᠭᠲᠡᠢ᠃︾ ᠭᠡᠵᠦ ᠵᠤᠤ ᠴᠠᠩ ᠪᠦᠦ ᠬᠡᠯᠡᠪᠡ᠃ | |