ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠭᠢᠯᠭᠠᠨ ᠮᠡᠳᠡᠭᠡ 4 ᠰᠠᠷ᠎ᠠ ᠶᠢᠨ 1 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ | ᠫᠦᠯᠠᠪᠦ᠋ᠤᠸᠧᠤ᠋ ᠲᠠᠢ ᠬᠡᠯᠡᠯᠴᠡᠭᠡ ᠬᠢᠪᠡ᠃ | | | | | 4 ᠰᠠᠷ᠎ᠠ ᠶᠢᠨ 1 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠦᠯᠠᠪᠦ᠋ᠤᠸᠧᠤ᠋ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ | | ᠰᠢ ᠶᠢᠨ ᠫᠢᠩ ᠫᠦᠯᠠᠪᠦ᠋ᠤᠸᠧᠤ᠋ ᠶᠢᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠬᠦ ᠶᠢᠨ ᠬᠠᠮᠲᠤ ᠲᠡᠭᠦᠨ ᠢᠶᠠᠷ | ᠳᠠᠮᠵᠢᠭᠤᠯᠤᠨ ᠶᠡᠷᠦᠩᠬᠡᠶᠢᠯᠡᠭᠴᠢ ᠽᠦᠤᠤᠺᠧ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠢ ᠶᠢᠨ ᠫᠢᠩ᠂ | ᠥᠩᠭᠡᠷᠡᠭᠰᠡᠨ 10 ᠵᠢᠯ ᠳᠤ ᠪᠢ ᠶᠡᠷᠦᠩᠬᠡᠶᠢᠯᠡᠭᠴᠢ ᠽᠦᠤᠤᠺᠧ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ ᠶᠢᠨ ᠪᠦᠭᠦ ᠲᠠᠯ᠎ᠠ ᠪᠠᠷ ᠲᠦᠷᠭᠡᠨ | ᠬᠥᠭᠵᠢᠬᠦ ᠶᠢ ᠬᠥᠲᠥᠯᠥᠨ ᠳᠠᠭᠠᠭᠤᠯᠵᠤ᠂ ᠬᠦᠨᠳᠦ ᠴᠢᠬᠤᠯᠠ ᠦᠷ᠎ᠡ ᠪᠦᠲᠦᠭᠡᠯ ᠣᠯᠪᠠ᠃ ᠵᠠᠺᠠᠷᠲ᠋ᠠ — ᠪᠠᠨᠳᠦ᠋ᠩ ᠤᠨ ᠲᠦᠷᠭᠡᠨ ᠤ ᠲᠡᠮᠦᠷ ᠵᠠᠮ ᠨᠢ | ᠬᠤᠶᠠᠷ ᠤᠯᠤᠰ ᠤᠨ ᠴᠢᠨᠠᠷ ᠰᠠᠶᠢᠲᠠᠢ ᠬᠠᠮᠲᠤᠷᠠᠯᠴᠠᠭᠠᠨ ᠤ ᠰᠢᠨᠵᠢ ᠲᠡᠮᠳᠡᠭ ᠪᠣᠯᠵᠤ᠂ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠱᠠᠲᠤᠨ ᠳᠤ ᠣᠷᠣᠪᠠ᠃ ᠳᠤᠮᠳᠠᠳᠤ ᠤᠯᠤᠰ ᠤᠨ ᠬᠢᠨ ᠪᠠᠶᠢᠯᠳᠤᠬᠤ ᠪᠣᠳᠣᠯᠭ᠎ᠠ ᠶᠢᠨ | ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ | ᠢᠨᠳᠤᠨᠧᠰᠢᠶ᠎ᠠ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠵᠠᠷ ᠣᠷᠣᠨ ᠪᠣᠯᠣᠨ ᠪᠦᠭᠦ | ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ | ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ | ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠡᠷᠬᠢᠮ ᠨᠠᠨᠳᠢᠨ ᠠᠮᠵᠢᠯᠲᠠ ᠣᠯᠣᠭᠰᠠᠨ ᠤ ᠵᠠᠩᠭᠢᠯᠠᠭ᠎ᠠ ᠨᠢ ᠪᠠᠶᠢᠯᠳᠤᠬᠤ | ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠭᠰᠠᠨ᠂ ᠬᠠᠷᠢᠯᠴᠠᠨ ᠢᠲᠡᠭᠡᠯᠴᠡᠵᠦ ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠭᠰᠠᠨ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠭᠰᠠᠨ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠭᠰᠠᠨ ᠳᠤ ᠪᠠᠶᠢᠨ᠎ᠠ᠃ ᠳᠤᠮᠳᠠᠳᠤ | ᠤᠯᠤᠰ ᠪᠣᠯᠣᠨ ᠢᠨᠳᠤᠨᠧᠰᠢᠶ᠎ᠠ ᠴᠥᠮ ᠬᠥᠭᠵᠢᠵᠦ ᠪᠠᠶᠢᠭ᠎ᠠ ᠲᠣᠮᠣ ᠤᠯᠤᠰ ᠪᠠ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠤᠨ ᠤᠯᠤᠰ ᠤᠨ | ᠲᠥᠯᠥᠭᠡᠯᠡᠭᠴᠢ ᠮᠥᠨ᠃ ᠥᠩᠭᠡᠷᠡᠭᠰᠡᠨ ᠳᠤ ᠬᠤᠶᠠᠷ ᠤᠯᠤᠰ ᠢᠶᠠᠷ ᠢᠶᠠᠨ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠦᠢᠯᠡᠰ ᠢ ᠲᠡᠮᠡᠴᠡᠨ ᠣᠯᠬᠤ ᠳᠤᠮᠳᠠ ᠢᠮᠠᠭᠲᠠ ᠬᠠᠷᠢᠯᠴᠠᠨ ᠳᠡᠮᠵᠢᠯᠴᠡᠵᠦ ᠢᠷᠡᠪᠡ᠂ ᠬᠤᠶᠢᠰᠢᠳᠠ ᠪᠠᠰᠠ ᠴᠢᠩ ᠦᠨᠡᠨᠴᠢ ᠪᠠᠷ | ᠪᠦᠯᠬᠦᠮᠳᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠡᠪ ᠳᠠᠭᠤᠷᠢᠶᠠᠯ᠂ ᠬᠠᠮᠲᠤ ᠪᠠᠷ ᠬᠥᠭᠵᠢᠬᠦ ᠦᠯᠢᠭᠡᠷ ᠵᠢᠱᠢᠶ᠎ᠡ᠂ ᠬᠥᠭᠵᠢᠵᠦ | ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠤᠰᠢᠭᠤᠴᠢ ᠪᠣᠯᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠡᠷᠡᠰ ᠵᠠᠮᠨᠠᠵᠤ᠂ ᠲᠤᠰ ᠲᠤᠰ ᠤᠨ ᠢᠶᠠᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠥ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠴᠤ ᠪᠠᠶᠢᠭ᠎ᠠ | ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠣᠶᠢᠯᠠᠭᠠᠯᠴᠠᠨ ᠳᠡᠮᠵᠢᠯᠴᠡᠪᠡᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠤᠭ᠎ᠠ | ᠨᠢᠭᠲᠠ ᠶᠠᠪᠤᠯᠴᠠᠭ᠎ᠠ ᠪᠠᠨ ᠪᠠᠲᠤᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠵᠤ᠂ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠬᠤᠶᠠᠷ ᠤᠯᠤᠰ ᠤᠨ ᠬᠤᠶᠠᠷ ᠬᠦᠷᠢᠶᠡᠯᠡᠩ︾ ᠪᠣᠯᠣᠨ ︽ᠣᠷᠣᠨ ᠪᠦᠰᠡ ᠶᠢᠨ | ᠶᠡᠷᠦᠩᠬᠡᠶᠢᠯᠡᠭᠰᠡᠨ ᠠᠵᠤ ᠠᠬᠤᠢ ᠶᠢᠨ ᠬᠤᠩᠭᠢᠯ︾ ᠤᠨ ᠲᠦᠷᠦᠯ ᠵᠦᠢᠯ ᠢ ᠭᠦᠨᠵᠡᠭᠡᠢ ᠠᠬᠢᠭᠤᠯᠵᠤ᠂ ᠳᠠᠯᠠᠢ ᠳᠡᠭᠡᠷᠡᠬᠢ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠶᠠᠳᠠᠭᠤ ᠬᠦᠴᠢᠷᠳᠡᠯ ᠢ ᠪᠠᠭᠠᠰᠬᠠᠵᠤ ᠶᠠᠳᠠᠭᠤ ᠠᠴᠠ ᠠᠩᠭᠢᠵᠢᠷᠠᠭᠤᠯᠬᠤ | ᠬᠦᠷᠢᠶᠡᠨ ᠳᠤ ᠢᠨᠳᠤᠨᠧᠰᠢᠶ᠎ᠠ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠮᠵᠢᠯᠭᠡ ᠬᠠᠩᠭᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠰᠢᠷᠦᠭᠦᠰᠴᠦ | ᠪᠠᠶᠢᠨ᠎ᠠ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠢᠳᠡᠪᠬᠢᠲᠡᠢ ᠦᠢᠯᠡᠳᠦᠯᠭᠡᠵᠢᠭᠦᠯᠵᠦ᠂ ᠪᠦᠯᠬᠦᠮᠳᠡᠯ᠂ | ᠨᠥᠬᠦᠷᠯᠡᠯ᠂ ᠬᠠᠮᠲᠤᠷᠠᠯᠴᠠᠭᠠᠨ ᠤ ᠪᠠᠨᠳᠦ᠋ᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ | ᠲᠦᠢᠯᠵᠢᠯ ᠪᠠ ᠲᠦᠭᠡᠮᠡᠯ ᠭᠦᠷᠲᠡᠭᠡᠮᠵᠢᠳᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠤᠯᠠᠨ ᠲᠠᠯ᠎ᠠ ᠶᠢᠨ ᠬᠠᠮᠵᠢᠯᠴᠠᠭ᠎ᠠ ᠪᠠᠨ | ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ | ᠢᠨᠳᠤᠨᠧᠰᠢᠶ᠎ᠠ ᠶᠢᠨ ᠬᠢᠨ ᠲᠠᠢ ᠬᠠᠮᠲᠤ ᠪᠠᠷ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠯ ᠪᠠ ᠭᠤᠣᠯ ᠪᠤᠯᠬᠤ ᠪᠠᠶᠢᠷᠢ | ᠰᠠᠭᠤᠷᠢ ᠶᠢ ᠬᠠᠮᠠᠭᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠭᠠᠵᠠᠷ ᠣᠷᠣᠨ ᠤ ᠲᠥᠯᠥᠪᠰᠢᠷᠡᠯ ᠢ ᠬᠠᠮᠠᠭᠠᠯᠠᠵᠤ᠂ ᠳᠤᠮᠳᠠᠳᠤ ᠤᠯᠤᠰ — ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ | ᠭᠠᠷᠭᠠᠪᠠ᠃ | ᠫᠦᠯᠠᠪᠦ᠋ᠤᠸᠧᠤ᠋ ᠠᠴᠠ ᠶᠡᠷᠦᠩᠬᠡᠶᠢᠯᠡᠭᠴᠢ ᠽᠦᠤᠤᠺᠧ ᠶᠢᠨ ᠲᠡᠷᠢᠭᠦᠯᠡᠭᠴᠢ ᠰᠢ ᠶᠢᠨ ᠫᠢᠩ ᠳᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ ᠪᠠᠶᠢᠬᠤ ᠶᠢ | ᠳᠠᠮᠵᠢᠭᠤᠯᠪᠠ᠂ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠤ ᠳᠠᠷᠠᠭ᠎ᠠ ᠳᠤᠮᠳᠠᠳᠤ ᠤᠯᠤᠰ ᠢ ᠠᠶᠢᠯᠴᠢᠯᠠᠬᠰᠠᠨ ᠠᠩᠬᠠᠳᠠᠭᠴᠢ ᠤᠯᠤᠰ ᠪᠤᠯᠭᠠᠬᠰᠠᠨ ᠳᠠᠭᠠᠨ | ᠮᠠᠰᠢ ᠪᠠᠶᠠᠷᠯᠠᠵᠤ ᠪᠠᠶᠢᠭ᠎ᠠ ᠪᠠᠨ ᠢᠯᠡᠷᠬᠡᠶᠢᠯᠡᠪᠡ᠃ ᠳᠤᠮᠳᠠᠳᠤ ᠤᠯᠤᠰ ᠪᠣᠯ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ᠂ | ᠢᠨᠳᠤᠨᠧᠰᠢᠶ᠎ᠠ ᠯᠤᠭ᠎ᠠ ᠢᠮᠠᠭᠲᠠ ᠬᠠᠷᠢᠯᠴᠠᠨ ᠭᠦᠨᠳᠦᠳᠭᠡᠵᠦ᠂ ᠬᠠᠷᠢᠯᠴᠠᠨ ᠡᠷᠬᠡ ᠲᠡᠭᠰᠢ ᠪᠠᠷ ᠬᠠᠨᠳᠤᠭᠰᠠᠭᠠᠷ ᠢᠷᠡᠵᠠᠢ᠃ ᠪᠢ ᠲᠡᠷᠢᠭᠦᠯᠡᠭᠴᠢ ᠰᠢ ᠶᠢᠨ | ᠫᠢᠩ ᠤᠨ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠣᠯᠣᠭᠰᠠᠨ ᠠᠭᠤᠤ ᠶᠡᠭᠡ ᠠᠮᠵᠢᠯᠲᠠ ᠶᠢ ᠲᠦᠢᠯ ᠢᠶᠠᠷ ᠪᠢᠰᠢᠷᠡᠵᠦ ᠪᠠᠶᠢᠨ᠎ᠠ᠂ | ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ | ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠪᠣᠯ ᠢᠨᠳᠤᠨᠧᠰᠢᠶ᠎ᠠ ᠶᠢᠨ ᠬᠦᠴᠦᠷᠬᠡᠭ ᠶᠡᠭᠡ ᠬᠠᠮᠲᠤᠷᠠᠯᠴᠠᠭᠠᠨ ᠤ ᠬᠠᠨᠢᠲᠠᠨ ᠮᠥᠨ᠃ | ᠣᠶᠢᠷ᠎ᠠ ᠶᠢᠨ ᠵᠢᠯ ᠠᠴᠠ ᠳᠤᠮᠳᠠᠳᠤ ᠤᠯᠤᠰ ᠤᠨ ᠠᠵᠤ ᠠᠬᠤᠶᠢᠯᠠᠯ ᠢᠨᠳᠤᠨᠧᠰᠢᠶ᠎ᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠵᠤ᠂ ᠢᠨᠳᠤᠨᠧᠰᠢᠶ᠎ᠠ ᠶᠢᠨ ᠤᠯᠤᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠪᠢ ᠢᠨᠳᠤᠨᠧᠰᠢᠶ᠎ᠠ ᠪᠣᠯᠣᠨ ᠳᠤᠮᠳᠠᠳᠤ ᠤᠯᠤᠰ ᠤᠨ ᠨᠡᠩ | ᠨᠢᠭᠲᠠ ᠬᠠᠷᠢᠯᠴᠠᠭ᠎ᠠ ᠶᠢ ᠬᠥᠭᠵᠢᠭᠦᠯᠬᠦ ᠶᠢ ᠪᠦᠷᠢᠮᠦᠰᠦᠨ ᠲᠡᠮᠵᠢᠵᠥ᠂ ᠳᠤᠷᠠᠲᠠᠶ᠎ᠠ ᠶᠡᠷᠦᠩᠬᠡᠶᠢᠯᠡᠭᠴᠢ ᠽᠦᠤᠤᠺᠧ ᠶᠢᠨ ᠳᠤᠮᠳᠠᠳᠤ ᠤᠯᠤᠰ ᠯᠤᠭ᠎ᠠ ᠶᠢᠨ | ᠨᠥᠭᠦᠷᠰᠡᠭ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠢᠨᠳᠤᠨᠧᠰᠢᠶ᠎ᠠ ᠶᠢᠨ ᠵᠠᠰᠠᠭ ᠤᠨ | ᠣᠷᠳᠣᠨ ᠤ ᠪᠠᠷᠢᠮᠲᠠᠯᠠᠭᠰᠠᠭᠠᠷ ᠢᠷᠡᠭᠰᠡᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠢᠴᠢᠶᠡᠩᠭᠦ᠋ᠢᠯᠡᠨ ᠵᠢᠷᠤᠮᠯᠠᠵᠤ᠂ ᠳᠤᠮᠳᠠᠳᠤ | ᠤᠯᠤᠰ ᠯᠤᠭ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠡᠷᠡᠰ ᠲᠡᠮᠵᠢᠵᠥ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠪᠦᠭᠦ | ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ | ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠢᠨᠳᠤᠨᠧᠰᠢᠶ᠎ᠠ ᠶᠢᠨ ᠰᠢᠨ᠎ᠡ ᠵᠠᠰᠠᠭ ᠤᠨ ᠣᠷᠳᠣᠨ ᠳᠤᠷᠠᠲᠠᠶ᠎ᠠ ᠬᠤᠶᠠᠷ ᠤᠯᠤᠰ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠢᠳᠡᠪᠬᠢᠲᠡᠢ ᠠᠬᠢᠭᠤᠯᠵᠤ᠂ ᠠᠵᠤ ᠠᠬᠤᠢ ᠠᠷᠠᠯᠵᠢᠶ᠎ᠠ᠂ ᠶᠠᠳᠠᠭᠤ ᠠᠴᠠ | ᠠᠩᠭᠢᠵᠢᠷᠠᠭᠤᠯᠬᠤ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠴᠢᠨᠠᠭᠰᠢᠳᠠ ᠪᠤᠶᠠᠨ ᠦᠢᠯᠡᠳᠦᠨ᠎ᠡ᠃ ᠳᠤᠮᠳᠠᠳᠤ ᠤᠯᠤᠰ ᠳᠡᠯᠡᠬᠡᠢ ᠶᠢᠨ ᠬᠡᠷᠡᠭ ᠶᠠᠪᠤᠳᠠᠯ ᠳᠤᠮᠳᠠ ᠣᠨᠴᠠᠭᠠᠶᠢᠯᠠᠨ ᠫᠠᠯᠧᠰᠲ᠋ᠠᠶᠢᠨ ᠤ | ᠠᠰᠠᠭᠤᠳᠠᠯ ᠳᠡᠭᠡᠷ᠎ᠡ ᠢᠮᠠᠭᠲᠠ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠳᠠᠭ ᠢ ᠪᠢ ᠮᠠᠰᠢ ᠮᠠᠭᠲᠠᠨ ᠰᠠᠶᠢᠰᠢᠶᠠᠵᠤ ᠪᠠᠶᠢᠨ᠎ᠠ᠃ | ᠢᠨᠳᠤᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠵᠣᠬᠢᠴᠠᠭᠤᠯᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ | ᠢᠯᠡᠷᠬᠡᠶᠢᠯᠡᠪᠡ᠃ | ᠸᠠᠩ ᠢ ᠬᠡᠯᠡᠯᠴᠡᠭᠡ ᠬᠢᠬᠦ ᠳᠤ ᠣᠷᠣᠯᠴᠠᠪᠠ᠃ | |