ᠰᠣᠶᠣᠯᠲᠤ ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/2
      4 ᠰᠠᠷ᠎ᠠ ᠶᠢᠨ 1 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠮᠤᠨᠠ ᠠᠭᠤᠯᠠ ᠶᠢᠨ ᠲᠤᠷᠰᠢᠯᠲᠠ ᠶᠢᠨ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃

学校调研11.webp.jpg

     ᠰᠣᠶᠣᠯᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠬᠦᠷᠴᠦ᠂ ᠰᠤᠷᠭᠠᠭᠤᠯᠢ ᠶᠢ

ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂

ᠲᠥᠯᠥᠪᠵᠢᠭᠦᠯᠭᠡ ᠶᠢᠨ ᠵᠢᠷᠤᠭ ᠲᠥᠰᠦᠪ ᠲᠠᠢ ᠬᠠᠷᠢᠴᠠᠭᠤᠯᠤᠨ ᠰᠤᠷᠭᠠᠭᠤᠯᠢ ᠶᠢᠨ ᠭᠠᠵᠠᠷ ᠰᠣᠩᠭᠤᠬᠤ ᠨᠥᠬᠦᠴᠡᠯ ᠵᠢᠴᠢ ᠡᠷᠭᠢᠨ ᠲᠣᠭᠤᠷᠢᠨ ᠤ ᠣᠷᠴᠢᠨ

ᠲᠣᠭᠤᠷᠢᠨ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠨ᠎ᠡ ᠪᠠᠷ ᠪᠠᠶᠢᠭᠤᠯᠬᠤ ᠰᠤᠷᠭᠠᠭᠤᠯᠢ ᠶᠢᠨ ᠪᠣᠯᠤᠮᠵᠢᠲᠤ ᠴᠢᠨᠠᠷ ᠲᠤ ᠵᠠᠳᠠᠯᠤᠯᠲᠠ ᠬᠢᠪᠡ

᠃ ᠰᠣᠶᠣᠯᠲᠤ ᠱᠠᠭᠠᠷᠳᠠᠭᠰᠠᠨ ᠨᠢ᠂ ᠡᠯ᠎ᠡ  ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠣᠳᠣᠬᠠᠨ ᠤ ᠪᠠᠶᠢᠳᠠᠯ  ᠳᠠᠭᠠᠨ ᠰᠠᠭᠤᠷᠢᠯᠠᠨ᠂ ᠠᠯᠤᠰ ᠢ

ᠪᠣᠳᠣᠯᠬᠢᠯᠠᠵᠤ᠂ ᠬᠥᠭᠵᠢᠯᠲᠡ ᠶᠢᠨ ᠲᠥᠯᠥᠪᠵᠢᠭᠦᠯᠭᠡ ᠶᠢ ᠬᠢᠨᠠᠮᠠᠭᠠᠶ ᠰᠠᠶᠢᠲᠤᠷ ᠬᠢᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ

ᠰᠢᠯᠢᠳᠡᠭᠵᠢᠭᠦᠯᠦᠨ᠂ ᠰᠤᠷᠭᠠᠭᠤᠯᠢ ᠶᠢᠨ ᠪᠠᠶᠢᠷᠢᠰᠢᠯ ᠢ ᠵᠦᠶ ᠵᠣᠬᠢᠰᠲᠠᠶ ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠦᠷ᠎ᠡ

ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠂ ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠲᠡᠶ ᠬᠥᠭᠵᠢᠬᠦ ᠶᠢ ᠠᠬᠢᠭᠤᠯᠬᠤ ᠬᠡᠷᠡᠭᠲᠡᠶ

ᠭᠡᠪᠡ᠃

      ᠮᠤᠨᠠ ᠠᠭᠤᠯᠠ ᠶᠢᠨ ᠲᠤᠷᠰᠢᠯᠲᠠ ᠶᠢᠨ ᠰᠤᠷᠭᠠᠭᠤᠯᠢ ᠳᠤ᠂ ᠰᠣᠶᠣᠯᠲᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂

ᠰᠤᠷᠭᠠᠭᠤᠯᠢ ᠡᠷᠬᠢᠯᠡᠬᠦ ᠬᠡᠪᠴᠢᠶ᠎ᠡ ᠵᠢᠴᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠪᠠᠶᠢᠳᠠᠯ ᠢ ᠰᠣᠨᠣᠰᠪᠠ᠃ ᠲᠡᠷᠡ ᠵᠢᠭᠠᠭᠰᠠᠨ ᠨᠢ᠂

ᠰᠤᠷᠭᠠᠭᠤᠯᠢ ᠶᠢᠨ ᠬᠥᠭᠵᠢᠯᠲᠡ ᠶᠢᠨ ᠴᠢᠭᠯᠡᠯ ᠵᠢᠴᠢ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠢ ᠣᠨᠣᠪᠴᠢᠲᠠᠶ ᠰᠠᠶᠢᠲᠤᠷ ᠲᠣᠭᠲᠠᠭᠠᠵᠤ᠂

ᠰᠤᠷᠭᠠᠭᠤᠯᠢ ᠶᠢᠨ ᠡᠯ᠎ᠡ ᠵᠦᠢᠯ ᠤᠨ ᠴᠢᠳᠠᠮᠵᠢ ᠵᠢᠴᠢ ᠢᠵᠢ ᠪᠥᠷᠢᠳᠦᠭᠰᠡᠨ ᠲᠤᠰᠠᠯᠠᠬᠤ ᠲᠥᠬᠦᠭᠡᠷᠦᠮᠵᠢ ᠶᠢ  ᠭᠦᠢᠴᠡᠳ ᠰᠠᠶᠢᠲᠤᠷ ᠠᠰᠢᠭᠯᠠᠨ᠂

ᠰᠤᠷᠭᠠᠭᠤᠯᠢ ᠶᠢᠨ ᠣᠨᠴᠠᠯᠢᠭ ᠢ ᠪᠣᠶ ᠪᠣᠯᠭᠠᠵᠤ᠂ ᠠᠭᠤᠯᠤᠭᠳᠠᠬᠤᠨ ᠤ ᠬᠥᠭᠵᠢᠯᠲᠡ ᠶᠢ ᠠᠬᠢᠭᠤᠯᠬᠤ ᠬᠡᠷᠡᠭᠲᠡᠶ᠃ ᠴᠠᠭ ᠢ ᠠᠮᠵᠢᠨ ᠰᠢᠨ᠎ᠡ ᠪᠠᠷ

ᠪᠠᠶᠢᠭᠤᠯᠤᠭᠰᠠᠨ ᠰᠤᠷᠭᠠᠭᠤᠯᠢ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥᠯ  ᠵᠦᠢᠯ ᠢ ᠠᠬᠢᠭᠤᠯᠬᠤ ᠶᠠᠪᠤᠴᠠ ᠳᠤ

ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ

ᠬᠤᠪᠢᠶᠠᠷᠢᠯᠠᠯ ᠢᠶᠠᠨ ᠦᠨᠳᠦᠰᠦᠯᠡᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠬᠦᠴᠦᠨ ᠢᠶᠠᠷ ᠢᠶᠠᠨ  ᠰᠢᠢᠳᠪᠦᠷᠢᠯᠡᠵᠦ᠂ ᠲᠥᠷᠥᠯ  ᠵᠦᠢᠯ ᠢ

ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃

     ᠰᠣᠶᠣᠯᠲᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ᠂ ᠢᠳᠡᠭᠡᠨ ᠤ ᠠᠮᠤᠷ

ᠲᠦᠪᠰᠢᠨ᠂ ᠰᠢᠨ᠎ᠡ ᠪᠠᠷ ᠪᠠᠶᠢᠭᠤᠯᠤᠭᠰᠠᠨ ᠪᠠᠶᠢᠷᠢ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠲᠥᠷᠥᠯ  ᠵᠦᠢᠯ ᠤᠨ ᠴᠢᠳᠠᠮᠵᠢ ᠶᠢᠨ ᠲᠥᠯᠥᠪᠵᠢᠭᠦᠯᠭᠡ᠂

ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠰᠣᠶᠣᠯᠲᠤ  ᠵᠢᠭᠠᠭᠰᠠᠨ ᠨᠢ᠂  ᠰᠤᠷᠭᠠᠭᠤᠯᠢ ᠶᠢᠨ ᠬᠦᠷᠢᠶᠡᠨ ᠤ

ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠲᠥᠯᠥᠪᠵᠢᠭᠦᠯᠦᠨ ᠠᠬᠢᠭᠤᠯᠵᠤ᠂ ᠬᠥᠮᠦᠨ ᠬᠥᠮᠦᠵᠢᠭᠦᠯᠬᠦ ᠣᠷᠴᠢᠨ ᠲᠣᠭᠤᠷᠢᠨ ᠪᠣᠯᠤᠨ

ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠣᠷᠭᠠᠨᠢᠭ ᠢᠶᠠᠷ ᠠᠭᠤᠰᠤᠯᠴᠠᠭᠤᠯᠵᠤ᠂  ᠰᠠᠶᠢᠨ ᠰᠠᠶᠢᠬᠠᠨ ᠰᠤᠷᠭᠠᠭᠤᠯᠢ ᠶᠢᠨ  ᠬᠦᠷᠢᠶ᠎ᠡ ᠶᠢ

ᠴᠢᠷᠮᠠᠶᠢᠨ ᠪᠠᠶᠢᠭᠤᠯᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢ ᠲᠡᠭᠦᠯᠳᠡᠷᠵᠢᠭᠰᠡᠨ

ᠳᠦᠷᠢᠮ ᠢ ᠪᠠᠶᠢᠭᠤᠯᠵᠤ᠂ ᠶᠠᠪᠤᠴᠠ ᠶᠢ ᠴᠢᠩᠭ᠎ᠠ ᠡᠵᠡᠮᠳᠡᠨ᠂ ᠪᠣᠭᠤᠮᠲᠠ ᠶᠢ ᠴᠢᠩᠭ᠎ᠠ ᠠᠳᠬᠤᠵᠤ᠂ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ

ᠲᠦᠪᠰᠢᠨ︾ ᠵᠢᠴᠢ ᠰᠢᠮ᠎ᠡ ᠲᠡᠵᠢᠭᠡᠯ ᠢ ᠲᠡᠩᠴᠡᠭᠦᠷᠢᠲᠡᠶ ᠪᠠᠶᠢᠯᠭᠠᠬᠤ ᠶᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠬᠠᠮᠢᠶ᠎ᠠ ᠪᠥᠬᠦᠶ ᠰᠠᠯᠠᠭ᠎ᠠ

ᠮᠥᠴᠢᠷ ᠤᠳ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠲᠥᠷᠥᠯ  ᠵᠦᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂

ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠤᠨ᠂ ᠪᠠᠭᠰᠢ ᠰᠤᠷᠤᠭᠴᠢᠳ ᠲᠤ ᠰᠠᠨᠠᠭ᠎ᠠ ᠠᠮᠤᠷ᠂

ᠲᠠᠭᠠᠯᠠᠮᠵᠢᠲᠠᠶ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠦᠭᠬᠦ ᠬᠡᠷᠡᠭᠲᠡᠢ ᠭᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ