ᠤᠷᠠᠳ ᠤᠨ ᠡᠮᠦᠨᠡᠲᠦ ᠬᠤᠰᠢᠭᠤᠨ ᠤ ᠣᠯᠠᠨ ᠲᠠᠯ᠎ᠠ ᠶᠢᠨ ᠬᠢᠨ ᠬᠤᠯᠪᠣᠭᠠᠯᠠᠨ ᠭᠤᠤᠯ ᠨᠠᠭᠤᠷ ᠢ ᠬᠠᠮᠠᠭᠠᠯᠠᠪᠠ
ᠨᠡᠶᠢᠲᠡᠯᠡᠭᠰᠡᠨ ᠴᠠᠭ᠄
2024/4/2
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠯᠪᠠᠨ ᠬᠡᠷ  ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠬᠠᠩᠭᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤᠷᠠᠨ ᠭᠤᠤᠯ ᠮᠥᠷᠡᠨ ᠢ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠪᠠ᠃

护河湖11.webp.jpg

      ᠬᠠᠮᠲᠤᠷᠠᠭᠰᠠᠨ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠬᠠᠲᠤᠨ ᠭᠤᠤᠯ ᠤᠨ ᠤᠷᠠᠳ ᠤᠨ ᠡᠮᠦᠨᠡᠲᠦ ᠬᠤᠰᠢᠭᠤ᠂ ᠬᠠᠩᠭᠢᠨ ᠬᠤᠰᠢᠭᠤᠨ ᠤ

ᠭᠤᠤᠯ ᠤᠨ ᠬᠡᠰᠡᠭ ᠤᠨ ᠤᠰᠤᠨ ᠤ ᠴᠢᠨᠠᠷ ᠵᠢᠴᠢ ᠵᠠᠮ ᠳᠠᠭᠠᠤ ᠶᠢᠨ ᠠᠮᠢ ᠠᠬᠤᠶ ᠣᠷᠴᠢᠨ ᠲᠣᠭᠤᠷᠢᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ

ᠪᠠᠶᠢᠴᠠᠭᠠᠨ ᠦᠵᠡᠵᠦ᠂ ᠭᠤᠤᠯ ᠤᠨ ᠬᠡᠰᠡᠭ ᠲᠤ ᠬᠠᠤᠯᠢ ᠪᠤᠰᠤ ᠪᠠᠷ ᠳᠤᠷ᠎ᠠ ᠪᠠᠷ ᠢᠶᠠᠨ ᠪᠠᠶᠢᠭᠤᠯᠵᠤ ᠡᠵᠡᠯᠡᠭᠰᠡᠨ᠂ ᠳᠤᠷ᠎ᠠ ᠪᠠᠷ ᠢᠶᠠᠨ ᠬᠦᠷᠢᠶᠡᠯᠡᠵᠦ

ᠬᠠᠰᠢᠭᠰᠠᠨ᠂ ᠳᠤᠷ᠎ᠠ ᠪᠠᠷ ᠢᠶᠠᠨ ᠠᠪᠴᠤ ᠳᠤᠷ᠎ᠠ ᠪᠠᠷ ᠢᠶᠠᠨ ᠬᠡᠷᠡᠭᠯᠡᠭᠰᠡᠨ᠂ ᠳᠤᠷ᠎ᠠ ᠪᠠᠷ ᠢᠶᠠᠨ ᠭᠠᠷᠭᠠᠵᠤ ᠳᠤᠷ᠎ᠠ ᠪᠠᠷ ᠢᠶᠠᠨ ᠬᠠᠶᠠᠭᠰᠠᠨ ᠵᠡᠷᠭᠡ ᠠᠰᠠᠭᠤᠳᠠᠯ

ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠷ ᠲᠣᠭᠤᠷᠢᠨ ᠪᠠᠶᠢᠴᠠᠭᠠᠭᠰᠠᠨ ᠪᠥᠭᠡᠳ ᠭᠤᠤᠯ ᠤᠨ ᠵᠠᠮ ᠤᠨ ᠬᠠᠮᠠᠭᠠᠯᠠᠯᠲᠠ ᠶᠢᠨ ᠪᠠᠶᠢᠳᠠᠯ᠂

ᠣᠷᠣᠰᠢᠵᠤ ᠪᠠᠶᠢᠭ᠎ᠠ ᠠᠰᠠᠭᠤᠳᠠᠯ ᠪᠣᠯᠤᠨ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠤᠨ ᠲᠤᠬᠠᠶ ᠬᠠᠮᠢᠶ᠎ᠠ

ᠪᠥᠬᠦᠶ ᠬᠥᠮᠦᠰ ᠠᠴᠠ ᠲᠤᠬᠠᠶ ᠶᠢᠨ ᠭᠠᠵᠠᠷ ᠲᠤᠨᠢ ᠣᠶᠢᠯᠠᠭᠠᠪᠠ᠃

      ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ

ᠪᠥᠬᠦᠶ ᠬᠥᠮᠦᠰ ᠢᠯᠡᠷᠬᠡᠶᠢᠯᠡᠬᠦ ᠳᠡᠭᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠬᠤᠶᠠᠷ ᠭᠠᠵᠠᠷ ᠤᠨ ᠬᠠᠲᠤᠨ ᠭᠤᠤᠯ ᠤᠨ

ᠰᠠᠪᠠ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠭᠰᠠᠨ ᠰᠠᠭᠤᠷᠢᠨ ᠳᠡᠭᠡᠷ᠎ᠡ᠂ ᠬᠠᠲᠤᠨ

ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠡᠭᠦᠷᠭᠡ ᠶᠢ ᠬᠦᠴᠦ ᠳᠡᠯᠪᠢᠨ

ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠣᠨ ᠪᠦᠰᠡ ᠠᠯᠤᠰᠯᠠᠭᠰᠠᠨ ᠬᠠᠮᠠᠭᠠᠯᠠᠯᠲᠠ ᠶᠢ ᠨᠢᠭᠡ

ᠴᠣᠭᠴᠠᠵᠢᠭᠤᠯᠤᠨ ᠬᠠᠮᠵᠢᠯᠴᠠᠨ ᠬᠦᠴᠦᠯᠡᠬᠦ ᠶᠢ ᠪᠡᠶᠡᠯᠡᠭᠦᠯᠦᠨ᠎ᠡ ᠭᠡᠵᠡᠶ᠃

      ᠬᠤᠷᠠᠯ ᠠᠴᠠ᠂ ᠬᠤᠶᠢᠰᠢᠳᠠ ᠬᠤᠶᠠᠷ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠤᠯᠠᠮ ᠴᠢᠨᠠᠭᠰᠢᠳᠠ

ᠴᠢᠩᠭᠠᠳᠬᠠᠵᠤ᠂ ᠬᠠᠮᠲᠤᠷᠠᠨ ᠭᠤᠣᠯ ᠮᠥᠷᠡᠨ ᠢ ᠴᠠᠭᠳᠠᠬᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠪᠠᠶᠢᠩᠭᠤ ᠥᠷᠨᠢᠭᠦᠯᠵᠦ᠂ ᠭᠠᠵᠠᠷ ᠣᠷᠣᠨ ᠤ

ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠥᠯᠥᠪᠵᠢᠭᠦᠯᠵᠦ᠂ ᠵᠠᠰᠠᠭ ᠵᠠᠬᠢᠷᠭᠠᠨ ᠤ

ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠯᠢ ᠠᠯᠤᠰᠯᠠᠭᠰᠠᠨ ᠬᠠᠳᠤᠨ ᠭᠤᠣᠯ ᠤᠨ ᠰᠠᠪᠠ ᠭᠠᠵᠠᠷ ᠤᠨ ᠬᠤᠯᠪᠣᠭᠠᠯᠠᠨ

ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠨᠡᠶᠢᠳᠡᠮ ᠪᠠᠶᠢᠭᠤᠯᠵᠤ᠂ ᠭᠤᠣᠯ ᠮᠥᠷᠡᠨ ᠤ ᠦᠶᠡᠷ ᠤᠷᠤᠰᠬᠤ ᠶᠢ ᠬᠠᠷᠰᠢᠯᠠᠬᠤ᠂ ᠥᠨᠳᠥᠷ

ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠣᠷᠣᠨ ᠪᠦᠰᠡ ᠳᠤ ᠥᠨᠳᠥᠷ ᠡᠰᠢᠲᠦ ᠲᠠᠷᠢᠮᠠᠯ ᠲᠠᠷᠢᠬᠤ ᠵᠡᠷᠭᠡ ᠭᠤᠣᠯ ᠮᠥᠷᠡᠨ ᠤ ᠡᠷᠡᠭᠦᠯ ᠮᠡᠨᠳᠦ ᠶᠢ

ᠨᠥᠯᠥᠭᠡᠯᠡᠬᠦ ᠠᠷᠬᠠᠭ ᠡᠪᠡᠳᠴᠢᠨ ᠢ ᠬᠦᠴᠦᠲᠡᠢ ᠴᠡᠭᠴᠡᠯᠡᠨ ᠵᠠᠰᠠᠵᠤ᠂ ᠬᠠᠤᠯᠢᠵᠢᠯ ᠤᠨ ᠬᠦᠴᠦᠨ ᠢᠶᠠᠷ ᠡᠵᠢ ᠭᠤᠣᠯ ᠢᠶᠠᠨ ᠰᠠᠶᠢᠲᠤᠷ ᠬᠠᠮᠠᠭᠠᠯᠠᠵᠤ᠂

ᠠᠷᠠᠳ ᠲᠦᠮᠡᠨ ᠳᠤ ᠪᠤᠶᠠᠨ ᠦᠢᠯᠡᠳᠬᠦ ᠡᠷᠡᠭᠦᠯ ᠰᠠᠶᠢᠬᠠᠨ ᠭᠤᠣᠯ ᠮᠥᠷᠡᠨ ᠢ ᠴᠢᠷᠮᠠᠶᠢᠨ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠣᠶᠢᠯᠠᠭᠠᠭᠰᠠᠨ ᠢᠶᠠᠷ᠂ 37 ᠳ᠋ᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠤᠨ ︽ᠪᠥᠬᠦᠳᠡ ᠨᠠᠶᠢᠷᠠᠮᠳᠠᠬᠤ

ᠳᠤᠮᠳᠠᠳᠤ ᠠᠷᠠᠳ ᠤᠯᠤᠰ ᠤᠨ ᠬᠠᠲᠤᠨ ᠭᠤᠤᠯ ᠢ ᠬᠠᠮᠠᠭᠠᠯᠠᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠨᠢᠭᠡ ᠵᠢᠯ ᠤᠨ ᠣᠶ ᠶᠢᠨ ᠲᠠᠰᠢᠷᠠᠮ ᠳᠤ᠂

︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾ ᠵᠢᠴᠢ ᠬᠠᠲᠤᠨ ᠭᠤᠤᠯ ᠤᠨ ᠰᠠᠪᠠ

ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ

ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ

ᠬᠦᠴᠦ ᠪᠠᠨ ᠬᠠᠮᠲᠤᠳᠬᠠᠨ   ᠬᠠᠮᠠᠭᠠᠯᠠᠨ᠂ ᠪᠦᠬᠦ ᠬᠤᠰᠢᠭᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠵᠢᠴᠢ ᠭᠤᠤᠯ

ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠤᠰᠤᠨ ᠣᠷᠣᠨ ᠤ ᠡᠷᠭᠢ

ᠱᠤᠭᠤᠮ ᠤᠨ ᠣᠷᠣᠨ ᠵᠠᠶ ᠶᠢ ᠬᠠᠮᠢᠶᠠᠷᠤᠨ ᠡᠵᠡᠮᠳᠡᠬᠦ ᠶᠢ ᠲᠠᠰᠤᠷᠠᠯᠲᠠ ᠥᠬᠡᠶ ᠴᠢᠩᠭᠠᠳᠬᠠᠨ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ

ᠰᠠᠮᠠᠭᠤᠨ ᠢ ᠠᠷᠢᠯᠭᠠᠬᠤ︾ ᠶᠢ ᠪᠠᠶᠢᠩᠭᠤᠵᠢᠭᠤᠯᠤᠨ ᠵᠢᠷᠤᠮᠵᠢᠭᠤᠯᠬᠤ ᠂ ᠭᠤᠣᠯ  ᠤᠨ ᠵᠠᠮ ᠳᠤ ᠡᠯᠡᠰᠦ ᠮᠠᠯᠲᠠᠬᠤ ᠶᠢ ᠶᠡᠷᠦᠩᠬᠡᠶᠢᠯᠡᠨ ᠵᠠᠰᠠᠬᠤ ᠶᠢ 

ᠴᠢᠩᠭᠠᠳᠬᠠᠵᠤ᠂ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ︾᠂ ︽ᠭᠤᠤᠯ ᠮᠥᠷᠡᠨ ᠨᠠᠭᠤᠷ ᠴᠥᠭᠦᠷᠥᠮ ᠤᠨ

ᠳᠠᠷᠤᠭ᠎ᠠ + ᠴᠠᠭᠳᠠᠭᠠᠨ ᠳᠠᠷᠤᠭ᠎ᠠ︾ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠬᠦᠨᠵᠡᠭᠡᠶᠢᠷᠡᠭᠦᠯᠬᠦ ᠶᠢᠨ ᠲᠤᠰᠠᠳᠠ᠂

ᠲᠣᠰ ᠤᠳᠠᠭᠠᠨ ᠤ ᠠᠵᠢᠯᠯᠠᠭ᠎ᠠ ᠶᠢ ᠣᠨᠴᠠᠭᠠᠶᠢᠯᠠᠨ ᠥᠷᠨᠢᠭᠦᠯᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ