ᠸᠠᠩ ᠵᠢᠶᠦ᠋ᠨ ᠵᠢᠶᠧ ᠪᠠᠶᠠᠨᠬᠤᠸᠠ᠂  ᠰᠢᠶᠠᠨ ᠹᠧᠩ᠂ ᠮᠤᠨᠠ ᠠᠭᠤᠯᠠ ᠪᠠᠯᠭᠠᠰᠤᠨ ᠳᠤ ᠬᠦᠷᠴᠦ ᠪᠣᠭᠤᠳᠠᠶ ᠳᠠᠷᠢᠬᠤ᠂ ᠬᠠᠪᠤᠷ ᠤᠨ ᠤᠰᠤᠯᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/2
      ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠤᠰᠢᠭᠤᠨ ᠤ ᠬᠡᠰᠡᠭ ᠰᠤᠮᠤ ᠪᠠᠯᠭᠠᠰᠤᠨ ᠳᠤ ᠭᠦᠨᠵᠡᠭᠡᠶᠢᠷᠡᠨ ᠪᠣᠭᠤᠳᠠᠶ ᠳᠠᠷᠢᠬᠤ᠂ ᠬᠠᠪᠤᠷ ᠤᠨ ᠤᠰᠤᠯᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠥᠬᠦᠶ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃

王俊杰调研11.webp.jpg

      ᠸᠠᠩ ᠵᠢᠶᠦ᠋ᠨ ᠵᠢᠶᠧ ᠨᠡᠷ ᠪᠠᠶᠠᠨᠬᠤᠸᠠ ᠪᠠᠯᠭᠠᠰᠤᠨ ᠤ  ᠲᠠᠬᠢᠶᠠᠴᠢ ᠭᠠᠴᠠᠭᠠᠨ ᠤ  ᠮᠢᠩ ᠢᠦ ᠲᠧ ᠣᠶ ᠵᠢᠮᠢᠰ ᠤᠨ ᠲᠠᠷᠢᠮᠠᠯ ᠤᠨ ᠰᠠᠭᠤᠷᠢᠨ ᠳᠤ

ᠬᠦᠷᠴᠦ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ ᠃ ᠲᠣᠰ ᠰᠠᠭᠤᠷᠢᠨ ᠭᠠᠵᠠᠷ ᠨᠢ ︽

ᠨᠠᠮ ᠤᠨ ᠡᠭᠦᠷ + ᠠᠵᠤ ᠠᠬᠤᠶᠢᠯᠠᠯ + ᠰᠠᠭᠤᠷᠢᠨ ᠭᠠᠵᠠᠷ + ᠮᠠᠯᠴᠢᠨ ᠲᠠᠷᠢᠶᠠᠴᠢᠨ︾ ᠤ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠠᠪᠴᠤ᠂

ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠢ ᠨᠥᠯᠥᠭᠡᠯᠡᠨ ᠳᠠᠶᠢᠴᠢᠯᠠᠵᠤ ᠠᠵᠤ ᠠᠬᠤᠶ ᠶᠢᠨ ᠣᠶ ᠶᠢᠨ ᠠᠵᠤ ᠦᠢᠯᠡᠰ ᠢ ᠬᠥᠭᠵᠢᠭᠦᠯᠦᠨ

ᠣᠷᠣᠯᠭ᠎ᠠ ᠶᠢ ᠨᠢ ᠨᠡᠮᠡᠭᠳᠡᠭᠦᠯᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠦᠨᠳᠦᠰᠦᠲᠡᠨ ᠤ ᠪᠦᠯᠬᠦᠮᠳᠡᠯ᠂ ᠤᠰᠤ ᠠᠷᠪᠢᠯᠠᠵᠤ

ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠡᠭᠡᠳᠦ ᠬᠡᠮᠵᠢᠶᠡᠨ ᠤ ᠠᠭᠤᠰᠤᠯᠴᠠᠯ ᠢ ᠪᠦᠲᠦᠮᠵᠢᠲᠡᠶ ᠪᠡᠶᠡᠯᠡᠭᠦᠯᠪᠡ

᠃ 

      ᠸᠠᠩ ᠵᠢᠶᠦ᠋ᠨ ᠵᠢᠶᠧ᠂ ᠲᠣᠰᠬᠤᠨ ᠤ ᠬᠠᠮᠲᠤ ᠶᠢᠨ ᠴᠢᠨᠠᠷ ᠰᠠᠶᠢᠲᠠᠶ ᠡᠬᠢ ᠪᠠᠶᠠᠯᠢᠭ ᠢ ᠲᠠᠰᠤᠷᠠᠯᠲᠠ ᠥᠬᠡᠶ ᠠᠭᠤᠳᠠᠯᠵᠤ᠂ ᠣᠷᠣᠯᠭ᠎ᠠ ᠶᠢ

ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ

ᠠᠬᠢᠭᠤᠯᠬᠤ ᠬᠡᠷᠡᠭᠲᠡᠶ ᠭᠡᠪᠡ᠃

      ᠰᠢᠶᠠᠨ  ᠹᠧᠩ ᠪᠠᠯᠭᠠᠰᠤᠨ ᠤ ᠰᠢᠨᠬᠤᠸᠠ ᠲᠣᠰᠬᠤᠨ ᠤ ᠬᠠᠪᠤᠷ ᠤᠨ ᠤᠰᠤᠯᠠᠯᠲᠠ ᠶᠢᠨ ᠠᠬᠤᠶ ᠲᠠᠯᠠᠪᠠᠶ᠂ ᠮᠤᠨᠠ ᠠᠭᠤᠯᠠ ᠪᠠᠯᠭᠠᠰᠤᠨ ᠤ ᠲᠠᠪᠤᠨ

ᠲᠣᠰᠬᠤᠨ ᠤ ᠪᠣᠭᠤᠳᠠᠶ ᠳᠠᠷᠢᠬᠤ ᠠᠬᠤᠶ ᠲᠠᠯᠠᠪᠠᠶ ᠪᠠ ᠪᠠᠶᠠᠨᠬᠤᠸᠠ ᠪᠠᠯᠭᠠᠰᠤᠨ ᠤ  ᠴᠠᠭᠠᠨᠬᠠᠳᠠ ᠭᠠᠴᠠᠭᠠᠨ ᠤ ᠪᠣᠭᠤᠳᠠᠶ ᠳᠠᠷᠢᠬᠤ ᠰᠠᠭᠤᠷᠢᠨ ᠵᠡᠷᠭᠡ

ᠭᠠᠵᠠᠷ ᠲᠤ᠂ ᠸᠠᠩ ᠵᠢᠶᠦ᠋ᠨ ᠵᠢᠶᠧ ᠲᠤᠬᠠᠶ ᠶᠢᠨ ᠲᠠᠯᠠᠪᠠᠶ ᠳᠤ ᠪᠣᠭᠤᠳᠠᠶ ᠳᠠᠷᠢᠬᠤ ᠠᠬᠢᠴᠠ ᠪᠠ ᠪᠠᠶᠢᠳᠠᠯ ᠢ ᠪᠠᠶᠢᠴᠠᠭᠠᠨ ᠦᠵᠡᠵᠦ᠂ ᠪᠣᠭᠤᠳᠠᠶ ᠳᠠᠷᠢᠬᠤ

ᠲᠣᠬᠢᠷᠠᠭᠤᠯᠤᠯᠲᠠ᠂ ᠲᠠᠷᠢᠮᠠᠯ ᠤᠨ ᠬᠡᠪᠴᠢᠶ᠎ᠡ᠂ ᠬᠠᠪᠤᠷ ᠤᠨ ᠤᠰᠤᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ

ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠪᠡ᠃

      ᠸᠠᠩ ᠵᠢᠶᠦ᠋ᠨ ᠵᠢᠶᠧ ᠵᠢᠭᠠᠵᠤ ᠭᠠᠷᠭᠠᠭᠰᠠᠨ ᠨᠢ᠂ ᠡᠯ᠎ᠡ ᠰᠤᠮᠤ ᠪᠠᠯᠭᠠᠰᠤ ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠶᠡᠭᠡ ᠤᠯᠤᠰ

ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠵᠣᠬᠢᠴᠠᠭᠤᠯᠤᠨ ᠳᠣᠭᠢᠷᠠᠭᠤᠯᠬᠤ ᠪᠠᠨ ᠴᠢᠩᠭᠠᠳᠬᠠᠨ᠂ ᠲᠠᠷᠢᠶᠠᠴᠢᠳ ᠲᠤ ᠠᠰᠢᠭ ᠬᠦᠷᠲᠡᠭᠡᠬᠦ

ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠨ ᠡᠷᠦᠬᠡ ᠶᠢᠨ ᠳᠠᠷᠢᠬᠤ ᠢᠳᠡᠪᠬᠢᠵᠢᠯ ᠢ 

ᠭᠦᠢᠴᠡᠳ ᠬᠥᠭᠵᠢᠭᠡᠨ᠂ ᠪᠣᠭᠤᠳᠠᠶ ᠶᠢᠨ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠮᠤ ᠪᠤᠳᠠᠭᠠᠨ ᠤ

ᠤᠨᠠᠯᠲᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠠᠮᠤ ᠪᠤᠳᠠᠭᠠᠨ ᠤ  ᠦᠢᠯᠡᠳᠪᠦᠷᠢᠯᠡᠯ ᠤᠨ ᠠᠮᠤᠷ ᠲᠦᠪᠰᠢᠨ ᠢ ᠬᠠᠮᠠᠭᠠᠯᠠᠨ᠎ᠠ 

ᠭᠡᠵᠡᠶ᠃

      ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠸᠠᠩ ᠵᠢᠶᠦ᠋ᠨ ᠵᠢᠶᠧ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠣᠰᠬᠤᠨ ᠤ ᠪᠣᠳᠠᠲᠤ

ᠪᠠᠶᠢᠳᠠᠯ ᠳᠤ ᠰᠠᠭᠤᠷᠢᠯᠠᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂

ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ

ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ ᠭᠠᠷᠭᠠᠵᠤ᠂ ᠲᠠᠷᠢᠶᠠᠯᠠᠩ ᠢ ᠦᠨᠡᠨ ᠬᠦ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ

ᠦᠵᠡᠰᠬᠦᠯᠡᠩᠲᠦ ᠰᠠᠶᠢᠬᠠᠨ ᠪᠣᠯᠭᠠᠵᠤ᠂ ᠲᠠᠷᠢᠶᠠᠴᠢᠳ ᠢ ᠪᠠᠶᠠᠵᠢᠭᠤᠯᠬᠤ ᠬᠡᠷᠡᠭᠲᠡᠶ ᠭᠡᠵᠦ ᠱᠠᠭᠠᠷᠳᠠᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ