ᠨᠢᠭᠡ ᠪᠦᠯᠦᠭ ᠰᠢᠨ᠎ᠡ ᠲᠣᠭᠲᠠᠭᠠᠯ ᠢ 4 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠠ
ᠨᠡᠶᠢᠲᠡᠯᠡᠭᠰᠡᠨ ᠴᠠᠭ᠄
2024/4/2
    ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢ ᠡᠬᠢᠯᠡᠭᠦᠯᠵᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ 90 ᠡᠳᠦᠷ ᠠᠴᠠ ᠳᠤᠲᠠᠭᠤ ᠦᠭᠡᠢ ᠬᠠᠳᠠᠭᠠᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠦᠷᠭᠡᠨ ᠬᠦᠷᠭᠡᠯᠳᠠ ᠶᠢᠨ ᠬᠡᠷᠡᠭᠯᠡᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠨ᠎ᠠ ᠁ 2024 ᠣᠨ ᠤ 4 ᠰᠠᠷ᠎ᠠ ᠳᠤ᠂ ᠬᠡᠷᠡᠭᠵᠢᠭᠦᠯᠬᠦ ᠪᠠᠷ ᠪᠠᠶᠢᠭ᠎ᠠ ᠨᠢᠭᠡ ᠪᠦᠯᠦᠭ ᠰᠢᠨ᠎ᠡ ᠲᠣᠭᠲᠠᠭᠠᠯ ᠨᠢ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠪᠤᠢ ᠪᠣᠯᠭᠠᠪᠠ᠃ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢ ᠡᠬᠢᠯᠡᠭᠦᠯᠪᠡ    ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠡᠷᠬᠡ ᠠᠰᠢᠭ ᠢ ᠨᠡᠩ ᠰᠠᠶᠢᠨ ᠪᠠᠲᠤᠯᠠᠬᠤ ᠶᠢᠨ ᠲᠥᠯᠥᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ᠠᠴᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ 4 ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠬᠦ ᠤᠯᠤᠰ ᠤᠨ ᠡᠯ᠎ᠡ ᠮᠤᠵᠢ ᠣᠷᠣᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ ᠲᠤᠷᠰᠢᠨ ᠥᠷᠨᠢᠭᠦᠯᠪᠠ᠃    ᠮᠡᠳᠡᠭᠳᠡᠯ ᠳᠤ᠂ ᠡᠯ᠎ᠡ ᠮᠤᠵᠢ ᠣᠷᠣᠨ ᠪᠠ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠡᠰᠡᠭ ᠲᠤᠰᠬᠠᠶ ᠣᠷᠣᠨ ᠬᠤᠲᠠ ᠶᠢ ᠰᠣᠩᠭᠤᠨ ᠲᠤᠷᠰᠢᠯᠲᠠ ᠶᠢ ᠡᠬᠢᠯᠡᠭᠦᠯᠵᠦ ᠂ ᠲᠤᠷᠰᠢᠯᠲᠠ ᠶᠢᠨ ᠲᠤᠰᠬᠠᠶ ᠣᠷᠣᠨ ᠬᠤᠲᠠ ᠶᠢᠨ ᠠᠵᠢᠯᠲᠠᠨ ᠨᠡᠶᠢᠭᠡᠮ ᠤᠨ ᠳᠠᠭᠠᠳᠬᠠᠯ ᠤᠨ ᠺᠠᠷᠲ ᠢᠶᠠᠷ ᠢᠶᠠᠨ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠪᠠ ᠠᠵᠢᠯ ᠠᠴᠠ ᠪᠣᠯᠤᠭᠰᠠᠨ ᠭᠡᠮᠲᠦᠯ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ᠂ ᠠᠵᠢᠯ ᠠᠴᠠ ᠪᠣᠯᠤᠭᠰᠠᠨ ᠭᠡᠮᠲᠦᠯ ᠤᠨ ᠡᠮᠨᠡᠯᠭᠡ ᠳᠤ ᠰᠠᠭᠤᠭᠰᠠᠨ ᠡᠷᠡᠭᠦᠯᠵᠢᠯ ᠤᠨ ᠵᠠᠷᠤᠳᠠᠯ ᠪᠠ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠵᠠᠷᠤᠳᠠᠯ ᠢ ᠰᠢᠭᠤᠳ ᠲᠡᠰᠦᠯᠦᠨ ᠪᠤᠳᠤᠵᠤ ᠪᠣᠯᠤᠨ᠎ᠠ᠃ ᠲᠤᠷᠰᠢᠯᠲᠠ ᠶᠢᠨ ᠬᠤᠭᠤᠴᠠᠭ᠎ᠠ ᠨᠢ ᠨᠢᠭᠡ ᠵᠢᠯ ᠪᠣᠯᠤᠨ᠎ᠠ ᠭᠡᠵᠤ ᠱᠠᠭᠠᠷᠳᠠᠪᠠ᠃    ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠨᠢᠯᠬ᠎ᠠ ᠬᠡᠤᠬᠡᠳ ᠤᠨ ᠠᠮᠢᠳᠤᠷᠠᠯ ᠤᠨ ᠲᠠᠯᠠᠪᠤᠷ ᠭᠠᠵᠠᠷ ᠤᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 90 ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ    4 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ᠲᠠᠨᠢᠯᠴᠠᠭᠤᠯᠭ᠎ᠠ ᠶᠢᠨ ᠴᠢᠨᠠᠷᠲᠠᠶ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠪᠠᠷᠢᠮᠵᠢᠶ᠎ᠠ ︽ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠢ ᠦᠨᠡᠯᠡᠨ ᠵᠢᠱᠢᠬᠦ ᠪᠠᠷᠢᠮᠵᠢᠶ᠎ᠠ︾ ᠳᠤ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠡᠤᠬᠡᠳ ᠰᠠᠭᠠᠲᠠᠭᠤᠯᠬᠤ ᠨᠥᠬᠦᠴᠡᠯ᠂ ᠬᠡᠤᠬᠡᠳ ᠰᠠᠭᠠᠲᠠᠭᠤᠯᠬᠤ ᠡᠩᠨᠡᠭᠡ᠂ ᠠᠰᠠᠷᠠᠨ ᠬᠥᠮᠦᠵᠢᠭᠦᠯᠵᠦ ᠬᠠᠷᠠᠭᠠᠯᠵᠠᠨ ᠠᠰᠠᠷᠠᠬᠤ᠂ ᠡᠷᠡᠭᠦᠯ ᠬᠠᠮᠠᠭᠠᠯᠠᠯ ᠡᠷᠡᠭᠦᠯᠵᠢᠯ᠂ ᠠᠰᠠᠷᠠᠨ ᠬᠥᠮᠦᠵᠢᠭᠦᠯᠬᠦ ᠶᠢ ᠳᠡᠮᠵᠢᠬᠦ᠂ ᠠᠮᠤᠷ ᠲᠦᠪᠰᠢᠨ ᠤ ᠪᠠᠲᠤᠯᠠᠭ᠎ᠠ᠂ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠶᠢ ᠦᠨᠡᠯᠡᠨ ᠵᠢᠱᠢᠬᠦ ᠠᠭᠤᠯᠭ᠎ᠠ ᠳᠤ ᠲᠣᠭᠲᠠᠭᠠᠯ ᠭᠠᠷᠭᠠᠵᠠᠶ᠃ ᠲᠣᠰ ᠪᠠᠷᠢᠮᠵᠢᠶ᠎ᠠ ᠶᠢ 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠲᠤ ᠪᠦᠬᠦᠯᠢ ᠡᠳᠦᠷ ᠤᠨ ᠠᠰᠠᠷᠠᠨ ᠬᠠᠷᠠᠭᠠᠯᠵᠠᠬᠤ ᠦᠢᠯᠡᠴᠢᠯᠡᠭᠡ ᠬᠠᠩᠭᠠᠬᠤ ᠪᠠᠶᠢᠭᠤᠯᠤᠮᠵᠢ ︵ᠬᠡᠤᠬᠡᠳ ᠤᠨ ᠴᠡᠴᠡᠷᠯᠢᠭ ᠤᠨ ᠭᠡᠤᠭᠡᠳ ᠰᠠᠭᠠᠳᠠᠭᠤᠯᠬᠤ᠋ ᠠᠩᠭᠢ ᠪᠠᠭᠲᠠᠨ᠎ᠠ︶ ᠢᠢ ᠦᠨᠡᠯᠡᠨ ᠵᠢᠱᠢᠬᠦ ᠳᠤ ᠬᠡᠷᠡᠭᠯᠡᠨ᠎ᠡ᠃ ᠬᠠᠭᠠᠰ ᠡᠳᠦᠷ ᠰᠠᠭᠠᠳᠠᠭᠤᠯᠬᠤ᠂ ᠴᠠᠭ ᠢᠶᠠᠷ ᠲᠤᠭᠠᠴᠠᠭ᠎ᠠ ᠬᠢᠵᠦ ᠰᠠᠭᠠᠳᠠᠭᠤᠯᠬᠤ᠂ ᠲᠦᠷ ᠴᠠᠭ ᠰᠠᠭᠠᠳᠠᠭᠤᠯᠬᠤ ᠵᠡᠷᠭᠡ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠵᠤ ᠪᠠᠶᠢᠭ᠎ᠠ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠦᠨᠡᠯᠡᠨ ᠵᠢᠱᠢᠯᠲᠡ ᠳᠤ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃    ᠦᠨᠡᠯᠡᠨ ᠵᠢᠱᠢᠬᠦ ᠪᠠᠷᠢᠮᠵᠢᠶ᠎ᠠ ᠳᠤ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠨᠤᠭᠤᠳ ᠠᠮᠤᠷ ᠲᠦᠪᠰᠢᠨ ᠤ ᠲᠥᠬᠦᠭᠡᠷᠦᠮᠵᠢ ᠶᠢ ᠪᠦᠷᠢᠳᠦᠭᠦᠯᠵᠦ᠂ ᠨᠢᠭᠡ ᠳᠠᠷᠤᠪᠴᠢᠲᠤ ᠮᠠᠶ᠋ᠢᠭ ᠢᠶᠠᠷ ᠲᠦᠭᠰᠢᠭᠦᠷᠢ ᠮᠡᠳᠡᠭᠦᠯᠬᠦ᠂ ᠴᠢᠬᠤᠯᠠ ᠪᠥᠬᠦᠶ ᠭᠠᠯ ᠰᠡᠷᠭᠡᠶᠢᠯᠡᠵᠤ ᠭᠠᠯ ᠤᠨᠲᠠᠷᠠᠭᠠᠬᠤ ᠲᠦᠬᠦᠭᠡᠷᠤᠮᠵᠢ ᠶᠢ ᠳᠣᠭᠢᠷᠠᠭᠤᠯᠬᠤ ᠬᠡᠷᠡᠭᠲᠡᠶ᠃ ᠨᠢᠯᠬ᠎ᠠ ᠬᠡᠤᠬᠡᠳ ᠤᠨ ᠠᠮᠢᠳᠤᠷᠠᠯ ᠤᠨ ᠲᠠᠯᠠᠪᠤᠷ ᠲᠤ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠬᠤ ᠶᠢᠨ ᠵᠡᠷᠭᠡ ᠪᠠᠷ ᠪᠦᠬᠦᠨ ᠢ ᠪᠦᠷᠬᠦᠭᠦᠯᠦᠨ᠎ᠡ᠃ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 90 ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ᠨᠢᠯᠬ᠎ᠠ ᠬᠡᠦᠬᠡᠳ ᠤᠨ ᠠᠮᠢᠳᠤᠷᠠᠯ ᠳᠤ ᠬᠡᠷᠡᠭᠯᠡᠬᠦ ᠭᠡᠷ ᠪᠠᠶᠢᠰᠢᠩ ᠢ 3 ᠳᠠᠪᠬᠤᠷ ᠠᠴᠠ ᠳᠣᠷᠣᠭᠰᠢ ᠪᠠᠶᠢᠷᠢᠯᠠᠭᠤᠯᠵᠤ᠂ ᠨᠢᠯᠬ᠎ᠠ ᠬᠡᠦᠬᠡᠳ ᠤᠨ ᠬᠡᠷᠡᠭᠯᠡᠬᠦ ᠭᠡᠷ ᠨᠢ ᠰᠠᠷᠠᠭᠤᠯ ᠲᠤᠩᠭᠠᠯᠠᠭ᠂ ᠭᠡᠷᠡᠯ ᠲᠤᠰᠬᠤ ᠨᠦᠬᠦᠴᠡᠯ ᠰᠠᠶᠢᠨ ᠵᠡᠷᠭᠡ ᠪᠠᠷ ᠪᠠᠶᠢᠷᠢᠰᠢᠭᠤᠯᠪᠠᠯ ᠵᠣᠬᠢᠨ᠎ᠠ ᠭᠡᠵᠤ ᠲᠤᠷᠠᠳᠪᠠ᠃ᠭᠤᠪᠢᠭᠤᠯᠵᠤ ᠬᠦᠷᠭᠡᠬᠦ ᠦᠢᠯᠡᠴᠢᠯᠡᠭᠡᠨ ᠤ ᠬᠡᠷᠡᠭᠯᠡᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠤᠭ ᠤᠨ ᠪᠠᠭ᠎ᠠ ᠬᠡᠪᠴᠢᠶ᠎ᠡ ᠪᠠᠷ ᠴᠤᠬᠯᠠᠭᠤᠯᠤᠨ᠎ᠠ    4 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ᠰᠢᠨ᠎ᠡ ︽ᠲᠦᠷᠭᠡᠨ ᠬᠦᠷᠭᠡᠯᠲᠡ ᠶᠢᠨ ᠦᠢᠯᠡᠴᠢᠯᠡᠭᠡ︾ ᠭᠡᠬᠦ ᠭᠤᠷᠪᠠᠨ ᠵᠦᠢᠯ ᠤᠨ ᠰᠢᠷᠢᠰ ᠤᠯᠤᠰ ᠤᠨ ᠪᠠᠷᠢᠮᠵᠢᠶ᠎ᠠ ᠳᠤ ᠤᠯᠤᠰ ᠤᠨ ᠳᠣᠲᠣᠭᠠᠳᠤ ᠶᠢᠨ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠴᠠᠭ ᠤᠨ ᠬᠢᠵᠠᠭᠠᠷ ᠢ ᠨᠠᠷᠢᠯᠢᠬᠵᠢᠭᠤᠯᠵᠤ᠂ ᠠᠵᠢᠯ ᠡᠷᠭᠢᠯᠡᠭᠰᠡᠳ ᠤᠨ ᠡᠷᠬᠡ ᠠᠰᠢᠭ ᠢ ᠬᠠᠮᠠᠭᠠᠯᠠᠬᠤ ᠱᠠᠭᠠᠷᠳᠠᠯᠭ᠎ᠠ ᠶᠢ ᠳᠤᠷᠠᠳᠴᠤ᠂ ᠲᠦᠷᠭᠡᠨ ᠬᠦᠷᠭᠡᠯᠲᠡ ᠶᠢᠨ ᠬᠡᠷᠡᠭᠯᠡᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ᠂ ᠬᠠᠳᠠᠭᠠᠯᠠᠬᠤ᠂ ᠬᠡᠷᠡᠭᠯᠡᠬᠦ ᠳᠤᠮᠳᠠᠬᠢ ᠲᠤᠭ᠎ᠠ ᠪᠠᠷᠢᠮᠲᠠ ᠶᠢᠨ ᠠᠮᠤᠷ ᠲᠦᠪᠰᠢᠨ ᠵᠢᠴᠢ ᠦᠢᠯᠡᠴᠢᠯᠡᠭᠡᠨ ᠤ ᠵᠠᠷᠤᠳᠠᠯ ᠢ ᠵᠦᠶ ᠵᠣᠬᠢᠰᠲᠠᠶ ᠲᠣᠭᠲᠠᠭᠠᠬᠤ ᠵᠡᠷᠭᠡ ᠱᠠᠭᠠᠷᠳᠠᠯᠭ᠎ᠠ ᠶᠢ ᠴᠢᠬᠤᠯᠠᠴᠢᠯᠠᠪᠠ᠃    ᠰᠢᠨ᠎ᠡ ᠬᠡᠪᠯᠡᠯ ᠤᠨ ᠪᠠᠷᠢᠮᠵᠢᠶ᠎ᠠ ᠳᠤ᠂ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠭᠤᠤᠯ ᠴᠣᠭᠴᠠ ᠶᠢᠨ ᠭᠤᠪᠢᠭᠤᠯᠵᠤ ᠬᠦᠷᠭᠡᠬᠦ ᠦᠢᠯᠡᠴᠢᠯᠡᠭᠡᠨ ᠤ ᠬᠡᠷᠡᠭᠯᠡᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠳᠤ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠢᠯᠡᠭᠡᠬᠦ ᠵᠦᠢᠯ ︵ᠭᠥᠯᠢᠶᠡᠨ ᠠᠪᠬᠤ ᠵᠦᠢᠯ︶ ᠤᠨ ᠬᠠᠶ᠋ᠢᠭ᠂ ᠭᠤᠪᠢᠭᠤᠯᠵᠤ ᠬᠦᠷᠭᠡᠬᠦ ᠡᠳ᠋ ᠪᠣᠳᠠᠰ ᠤᠨ ᠮᠡᠳᠡᠭᠡ ᠵᠠᠩᠭᠢ᠂ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠵᠡᠷᠭᠡ ᠶᠢ ᠪᠠᠭᠲᠠᠭᠠᠭᠰᠠᠨ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠵᠣᠷᠢᠯᠭ᠎ᠠ ᠶᠢ ᠪᠡᠶᠡᠯᠡᠭᠦᠯᠬᠦ ᠬᠠᠮᠤᠭ ᠤᠨ ᠪᠠᠭ᠎ᠠ ᠬᠡᠪᠴᠢᠶᠡᠨ ᠳᠤ ᠬᠢᠵᠠᠭᠠᠷᠯᠠᠵᠤ᠂ ᠬᠡᠷᠡᠭᠯᠡᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠬᠡᠲᠦᠷᠡᠲᠡᠯ᠎ᠡ ᠴᠤᠭᠯᠠᠭᠤᠯᠵᠤ ᠪᠣᠯᠬᠤ ᠥᠬᠡᠶ᠃ ᠲᠦᠷᠭᠡᠨ ᠬᠦᠷᠭᠡᠯᠲᠡ ᠶᠢᠨ ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠨᠢ ᠬᠤᠪᠢ ᠶᠢᠨ ᠨᠢᠭᠤᠴᠠ ᠶᠢᠨ ᠬᠠᠭᠤᠳᠠᠰᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠠᠪᠴᠤ ᠬᠡᠷᠡᠭᠯᠡᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠡᠷᠡᠭᠲᠡᠶ ᠭᠡᠵᠤ ᠲᠤᠬᠳᠠᠭᠠᠪᠠ᠃    ᠵᠢᠮᠢᠰ ᠮᠠᠯ ᠵᠢᠭᠦᠷᠲᠡᠨ ᠤ ᠮᠢᠬ᠎ᠠ ᠤᠰᠤᠨ ᠭᠠᠷᠤᠯᠲᠠ ᠶᠢ 4 ᠳᠠᠪᠬᠤᠷ ᠠᠴᠠ ᠲᠡᠭᠡᠭᠰᠢ ᠪᠤᠭᠤᠳᠠᠯᠯᠠᠵᠤ ᠪᠤᠯᠬᠤ ᠦᠭᠡᠢ   4 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠲᠠᠸᠠᠷ ᠢ ᠬᠡᠲᠦᠷᠡᠲᠡᠯ᠎ᠡ ᠪᠣᠭᠤᠳᠠᠯᠯᠠᠬᠤ ᠶᠢ ᠬᠢᠵᠠᠭᠠᠷᠯᠠᠵᠤ ᠲᠠᠷᠢᠶᠠᠯᠠᠩ ᠤᠨ ᠪᠦᠲᠦᠭᠡᠭᠳᠡᠬᠦᠨ ᠢ ᠲᠦᠬᠦᠭᠡᠢ ᠰᠤᠷᠭᠤᠭ ᠢᠶᠠᠷ ᠨᠢ ᠢᠳᠡᠬᠦ ᠶᠢ ᠱᠠᠭᠠᠷᠳᠠᠬᠤ︾ ︵GB43284 — 2023︶ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠳᠤ᠂ ᠢᠳᠡᠰᠢᠨ ᠨᠣᠭᠤᠭ᠎ᠠ ︵ᠢᠳᠡᠭᠡᠨ ᠤ ᠮᠥᠭᠦ ᠪᠠᠭᠲᠠᠨ᠎ᠠ︶᠂ ᠵᠢᠮᠢᠰ᠂ ᠮᠠᠯ ᠵᠢᠭᠦᠷᠲᠡᠨ ᠤ ᠮᠢᠬ᠎ᠠ᠂ ᠤᠰᠤᠨ ᠭᠠᠷᠤᠯᠲᠠ ᠪᠠ ᠥᠨᠳᠡᠭᠡ ᠵᠡᠷᠭᠡ ᠲᠠᠪᠤᠨ ᠶᠡᠭᠡ ᠲᠥᠷᠥᠯ ᠤᠨ ᠲᠦᠭᠦᠬᠡᠶ ᠰᠢᠨ᠎ᠡ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠢ ᠬᠡᠲᠦᠷᠡᠲᠡᠯ᠎ᠡ ᠪᠣᠭᠤᠳᠠᠯᠯᠠᠭᠰᠠᠨ ᠡᠰᠡᠬᠦ ᠶᠢᠨ ᠮᠡᠷᠭᠡᠵᠢᠯ ᠤᠨ ᠭᠦᠢᠴᠡᠳᠭᠡᠯ ᠲᠤᠭ᠎ᠠ ᠪᠠ ᠮᠠᠭᠠᠳᠯᠠᠨ ᠲᠣᠭᠲᠠᠭᠠᠬᠤ ᠠᠷᠭ᠎ᠠ ᠶᠢ ᠲᠣᠳᠣᠷᠬᠠᠶ ᠲᠣᠭᠲᠠᠭᠠᠪᠠ᠃ᠲᠣᠰ ᠪᠠᠷᠢᠮᠵᠢᠶ᠎ᠠ ᠳᠤ ᠢᠳᠡᠰᠢᠨ ᠨᠣᠭᠤᠭ᠎ᠠ ︵ᠢᠳᠡᠭᠡᠨ ᠤ ᠮᠥᠭᠦ ᠶᠢ ᠪᠠᠭᠲᠠᠭᠠᠨ᠎ᠠ︶ ᠪᠣᠯᠤᠨ ᠥᠨᠳᠡᠭᠡ ᠶᠢ 3 ᠲᠠᠪᠬᠤᠷ ᠠᠴᠠ ᠬᠡᠲᠦᠷᠡᠭᠦᠯᠵᠦ ᠪᠤᠭᠤᠳᠠᠯᠯᠠᠵᠤ ᠪᠣᠯᠬᠤ ᠥᠬᠡᠶ᠂ ᠵᠢᠮᠢᠰ᠂ ᠮᠠᠯ ᠵᠢᠭᠦᠷᠲᠡᠨ ᠤ ᠮᠢᠬ᠎ᠠ᠂ ᠤᠰᠤᠨ ᠭᠠᠷᠤᠯᠲᠠ ᠶᠢ 4 ᠳᠠᠪᠬᠤᠷ ᠠᠴᠠ ᠬᠡᠲᠦᠷᠡᠭᠦᠯᠵᠦ ᠪᠤᠭᠤᠳᠠᠯᠯᠠᠵᠤ ᠪᠣᠯᠬᠤ ᠥᠬᠡᠶ ᠭᠡᠵᠦ ᠲᠣᠭᠲᠠᠭᠠᠵᠠᠶ᠃ ᠡᠭᠦᠨ ᠤ ᠵᠡᠷᠭᠡ ᠪᠠᠷ᠂ ︽ᠪᠣᠷᠣᠯᠠᠭᠤᠯᠭ᠎ᠠ ᠶᠢᠨ ᠪᠣᠭᠤᠳᠠᠯ︾ ᠭᠡᠬᠦ ᠲᠣᠮᠢᠶᠠᠯᠠᠯ ᠳᠤ ︽ᠪᠠᠷᠠᠭᠠᠨ ᠤ ᠭᠦᠢᠯᠭᠡᠭᠡᠨ ᠤ ᠬᠠᠮᠠᠭᠠᠯᠠᠯᠲᠠ ᠶᠢᠨ ᠪᠣᠭᠤᠳᠠᠯ ᠵᠢᠴᠢ ᠬᠦᠷᠤᠭᠡᠬᠦ᠂ ᠬᠡᠶ ᠪᠡᠶᠡᠲᠦ ᠶᠢᠨ ᠲᠣᠬᠢᠷᠠᠭᠤᠯᠤᠯᠲᠠ᠂ ᠴᠢᠭᠢᠭᠲᠦᠬᠦ ᠠᠴᠠ ᠰᠡᠷᠭᠡᠶᠢᠯᠡᠬᠦ ᠵᠡᠷᠭᠡ ᠰᠢᠨ᠎ᠡ ᠰᠣᠷᠭᠤᠭ ᠪᠠᠶᠢᠯᠭᠠᠬᠤ ᠪᠠ ᠠᠮᠢᠳᠤ ᠪᠠᠶᠢᠯᠭᠠᠬᠤ ᠴᠢᠳᠠᠮᠵᠢ ᠶᠢᠨ ᠴᠢᠨᠠᠷᠲᠠᠶ ᠬᠡᠷᠡᠭᠯᠡᠭᠡᠨ ᠤ ᠵᠦᠢᠯ ᠢ ᠪᠠᠭᠲᠠᠭᠠᠬᠤ ᠥᠬᠡᠶ︾ ᠭᠡᠵᠦ ᠣᠨᠴᠠᠭᠠᠶᠢᠯᠠᠨ ᠲᠣᠳᠣᠷᠬᠠᠶᠢᠯᠠᠪᠠ᠃    ᠲᠥᠪ ᠤᠨ ᠨᠥᠭᠡᠴᠡ ᠶᠢᠨ ᠬᠥᠪᠥᠩ ᠳᠤ ᠬᠠᠭᠤᠷᠮᠠᠭ ᠶᠠᠭᠤᠮ᠎ᠠ ᠬᠤᠯᠢᠵᠤ ᠪᠣᠯᠬᠤ ᠦᠭᠡᠢ    ︽ᠲᠥᠪ ᠤᠨ ᠨᠦᠭᠡᠴᠡ ᠶᠢᠨ ᠬᠦᠪᠤᠩ ᠤᠨ ᠬᠠᠮᠢᠶᠠᠷᠤᠯᠲᠠ ᠶᠢᠨ ᠠᠷᠭ᠎ᠠ︾ ᠢᠢ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠠ᠃    ᠠᠷᠭ᠎ᠠ ᠳᠤ᠂ ᠲᠥᠪ ᠤᠨ ᠨᠥᠭᠡᠴᠡ ᠶᠢᠨ ᠬᠥᠪᠥᠩ ᠢ ᠡᠭᠡᠯᠵᠢᠯᠡᠨ ᠰᠣᠯᠢᠬᠤ᠂ ᠬᠤᠷᠢᠶᠠᠨ ᠬᠠᠳᠠᠭᠠᠯᠠᠬᠤ᠂ ᠬᠡᠷᠡᠭᠯᠡᠬᠦ ᠳᠤ ᠲᠥᠯᠥᠪᠯᠡᠭᠡᠲᠦ ᠬᠠᠮᠢᠶᠠᠷᠤᠯᠲᠠ ᠶᠢ ᠬᠡᠷᠡᠭᠵᠢᠭᠦᠯᠵᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠥᠪᠰᠢᠶᠡᠷᠡᠯ ᠥᠬᠡᠶ ᠪᠠᠷ ᠳᠤᠷ᠎ᠠ ᠪᠠᠷ ᠢᠶᠠᠨ ᠬᠡᠷᠡᠭᠯᠡᠵᠦ ᠪᠣᠯᠬᠤ ᠥᠬᠡᠶ᠂ ᠡᠵᠡᠯᠡᠨ ᠠᠪᠴᠤ᠂ ᠡᠪᠳᠡᠨ᠂ ᠨᠡᠭᠦᠯᠭᠡᠨ ᠬᠡᠷᠡᠭᠯᠡᠵᠦ ᠪᠣᠯᠬᠤ ᠥᠬᠡᠶ᠃ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠪᠦᠯᠦᠭᠯᠡᠯ ᠪᠣᠯᠤᠨ ᠳᠠᠭᠠᠭᠠᠨ ᠨᠥᠭᠡᠴᠡᠯᠡᠬᠦ ᠠᠵᠤ ᠠᠬᠤᠶᠢᠯᠠᠯ ᠲᠥᠪ ᠤᠨ ᠨᠥᠭᠡᠴᠡ ᠶᠢᠨ ᠬᠥᠪᠥᠩ ᠬᠠᠳᠠᠭᠠᠯᠠᠬᠤ ᠬᠥᠮᠥᠷᠭᠡ ᠶᠢᠨ ᠴᠡᠭ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠲᠥᠪ ᠤᠨ ᠨᠥᠭᠡᠴᠡ ᠶᠢᠨ ᠬᠥᠪᠥᠩ ᠤᠨ ᠲᠤᠭ᠎ᠠ ᠬᠡᠮᠵᠢᠶ᠎ᠡ ᠶᠢ ᠬᠤᠳᠠᠯ ᠢᠶᠠᠷ ᠮᠡᠳᠡᠭᠦᠯᠬᠦ ᠪᠤᠶᠤ ᠮᠡᠳᠡᠭᠦᠯᠬᠦ ᠦᠭᠡᠢ ᠪᠠᠶᠢᠵᠤ ᠪᠣᠯᠬᠤ ᠦᠭᠡᠢ᠂ ᠲᠥᠪ ᠤᠨ ᠨᠥᠭᠡᠴᠡ ᠶᠢᠨ ᠬᠥᠪᠥᠩ ᠤᠨ ᠲᠦᠷᠦᠯ ᠵᠦᠢᠯ ᠢ ᠳᠤᠷ᠎ᠠ ᠪᠠᠷ ᠢᠶᠠᠨ ᠰᠣᠯᠢᠯᠴᠠᠵᠤ ᠪᠣᠯᠬᠤ ᠦᠭᠡᠢ᠂ ᠲᠥᠪ ᠤᠨ ᠨᠥᠭᠡᠴᠡ ᠶᠢᠨ ᠬᠥᠪᠥᠩ ᠳᠤ ᠬᠠᠭᠤᠷᠮᠠᠭ ᠶᠠᠭᠤᠮ᠎ᠠ ᠬᠤᠯᠢᠵᠤ᠂ ᠮᠠᠭᠤ ᠪᠠᠷ ᠰᠠᠶᠢᠨ ᠢ ᠣᠷᠣᠯᠠᠭᠤᠯᠵᠤ ᠪᠣᠯᠬᠤ ᠦᠭᠡᠢ᠂ ᠲᠥᠪ ᠤᠨ ᠨᠥᠭᠡᠴᠡ ᠶᠢᠨ ᠬᠥᠪᠥᠩ ᠢ ᠬᠥᠮᠥᠷᠭᠡ ᠳᠤ ᠣᠷᠣᠭᠤᠯᠬᠤ ᠵᠡᠷᠭᠡ ᠶᠢ ᠵᠣᠷᠢᠭᠤᠳᠠ ᠤᠳᠠᠭᠠᠰᠢᠷᠠᠭᠤᠯᠵᠤ ᠪᠣᠯᠬᠤ ᠦᠭᠡᠢ ᠭᠡᠵᠤ ᠲᠤᠷᠠᠳᠪᠠ᠃    ᠴᠠᠬᠢᠯᠭᠠᠨ ᠡᠨᠧᠷᠭᠢ ᠶᠢᠨ ᠴᠢᠨᠠᠷ ᠴᠢᠨᠰᠠᠭ᠎ᠠ ᠶᠢᠨ ᠬᠠᠮᠢᠶᠠᠷᠤᠯᠳᠠ ᠶᠢ ᠴᠢᠩᠭᠠᠳᠬᠠᠨ᠎ᠠ    ︽ᠴᠠᠬᠢᠯᠭᠠᠨ ᠡᠨᠧᠷᠭᠢ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾  ᠶᠢ 4 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃    ᠠᠷᠭ᠎ᠠ ᠳᠤ᠂ ᠴᠠᠬᠢᠯᠭᠠᠨ ᠲᠣᠤᠷ ᠤᠨ ᠠᠵᠤ ᠠᠬᠤᠶᠢᠯᠠᠯ ᠤᠳ ᠰᠢᠨ᠎ᠡ ᠡᠨᠧᠷᠭᠢ ᠶᠢᠨ ᠲᠠᠯᠠᠪᠤᠷ ᠥᠷᠲᠡᠭᠡ ᠪᠠ ᠲᠣᠤᠷ ᠴᠡᠭ᠂ 10 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠬᠠᠷᠰᠢᠯᠠᠯ ᠤᠨ ᠡᠬᠢ ᠰᠤᠷᠪᠤᠯᠵᠢ ᠲᠠᠢ ᠬᠡᠷᠡᠭᠯᠡᠭᠴᠢ ᠶᠢᠨ ᠣᠯᠠᠨ ᠨᠡᠶᠢᠲᠡ ᠶᠢᠨ ᠵᠠᠯᠭᠠᠯᠲᠠ ᠶᠢᠨ ᠴᠡᠭ ᠤᠨ ᠴᠠᠬᠢᠯᠭᠠᠨ ᠡᠨᠧᠷᠭᠢ ᠶᠢᠨ ᠶᠠᠰᠤ ᠴᠢᠨᠠᠷ ᠤᠨ ᠠᠰᠠᠭᠤᠳᠠᠯ ᠤᠨ ᠲᠤᠬᠠᠶ ᠵᠠᠳᠠᠯᠤᠯᠲᠠ ᠪᠠᠨ ᠴᠢᠩᠭᠠᠳᠬᠠᠪᠡᠯ ᠵᠤᠬᠢᠨ᠎ᠠ᠃ ᠴᠠᠬᠢᠯᠭᠠᠨ ᠭᠠᠷᠭᠠᠬᠤ ᠠᠵᠤ ᠠᠬᠤᠶᠢᠯᠠᠯ ᠪᠤᠶᠤ ᠴᠠᠬᠢᠯᠭᠠᠨ ᠬᠦᠴᠦᠨ ᠤ ᠬᠡᠷᠡᠭᠯᠡᠭᠴᠢᠳ ᠴᠠᠬᠢᠯᠭᠠᠨ ᠡᠨᠧᠷᠭᠢ ᠶᠢᠨ ᠶᠠᠰᠤ ᠴᠢᠨᠠᠷ ᠢ ᠨᠥᠯᠥᠭᠡᠯᠡᠬᠦ ᠪᠤᠶᠤ ᠴᠠᠬᠢᠯᠭᠠᠨ ᠬᠦᠴᠦᠨ ᠤ ᠰᠢᠰᠲ᠋ᠧᠮ ᠤᠨ ᠠᠶᠤᠯᠭᠦᠶ ᠠᠵᠢᠯᠯᠠᠬᠤ ᠶᠢ ᠬᠠᠷᠰᠢᠯᠠᠬᠤ ᠦᠶ᠎ᠡ ᠳᠤ᠂ ᠴᠠᠬᠢᠯᠭᠠᠨ ᠭᠠᠷᠭᠠᠬᠤ ᠠᠵᠤ ᠠᠬᠤᠶᠢᠯᠠᠯ ᠪᠤᠶᠤ ᠴᠠᠬᠢᠯᠭᠠᠨ ᠬᠦᠴᠦᠨ ᠤ ᠬᠡᠷᠡᠭᠯᠡᠭᠴᠢᠳ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠲᠡᠭᠦᠨ ᠢ ᠠᠷᠢᠯᠭᠠᠪᠡᠯ ᠵᠤᠬᠢᠨ᠎ᠠ ᠭᠡᠵᠤ ᠲᠤᠷᠠᠳᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ