ᠡᠨᠡ ᠬᠠᠪᠤᠷ 9.7 ᠳ᠋ᠦᠩᠰᠢᠭᠤᠷ ᠮᠤ᠋ ᠨᠤᠳᠤᠭ ᠪᠡᠯᠴᠢᠭᠡᠷ ᠲᠤ ᠪᠡᠯᠴᠢᠬᠡᠷᠯᠡᠬᠦᠯᠬᠦ ᠶᠢ ᠵᠤᠬᠰᠤᠭᠠᠨ᠎ᠠ
ᠨᠡᠶᠢᠲᠡᠯᠡᠭᠰᠡᠨ ᠴᠠᠭ᠄
2024/4/2
    ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ ᠨᠢ ᠮᠠᠯ ᠤᠨ ᠪᠡᠯᠴᠢᠭᠡᠷ ᠡᠪᠡᠰᠦ ᠶᠢ ᠬᠡᠮᠡᠯᠢᠬᠦ᠂ ᠭᠢᠰᠭᠢᠯᠡᠬᠦ ᠶᠢ ᠪᠦᠲᠦᠮᠵᠢᠲᠡᠶ ᠪᠠᠭᠠᠰᠬᠠᠵᠤ᠂ ᠪᠡᠯᠴᠢᠭᠡᠷ ᠡᠪᠡᠰᠦ ᠭᠦᠢᠴᠡᠳ ᠨᠣᠭᠤᠭᠠᠷᠠᠬᠤ ᠪᠠ ᠦᠷᠭᠦᠯᠵᠢᠯᠡᠨ ᠤᠷᠭᠤᠬᠤ ᠳᠤ ᠠᠰᠢᠭᠲᠠᠶ ᠪᠠᠶᠢᠵᠤ᠂ ᠪᠡᠯᠴᠢᠭᠡᠷ ᠡᠪᠡᠰᠦ ᠶᠢᠨ ᠤᠨᠠᠯᠲᠠ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠢ ᠬᠠᠮᠠᠭᠠᠯᠠᠬᠤ ᠦᠢᠯᠡᠳᠦᠯ ᠦᠵᠡᠭᠦᠯᠳᠡᠭ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ ᠠᠴᠠ ᠡᠬᠢᠯᠡᠨ ᠰᠢᠯᠢ ᠶᠢᠨ ᠭᠤᠤᠯ ᠠᠶᠢᠮᠠᠭ ᠤᠨ 2.2 ᠳ᠋ᠦᠩᠰᠢᠭᠤᠷ ᠮᠥ ᠨᠤᠲᠤᠭ ᠪᠡᠯᠴᠢᠭᠡᠷ ᠲᠤ ᠪᠡᠯᠴᠢᠬᠡᠷᠯᠡᠬᠦᠯᠬᠦ ᠶᠢ ᠵᠤᠬᠰᠤᠭᠠᠵᠦ ᠪᠡᠯᠴᠢᠬᠡᠷ ᠢ ᠰᠡᠷᠬᠦᠭᠡᠬᠦ ᠪᠠᠷ ᠪᠤᠯᠵᠠᠢ᠃ ᠮᠠᠨ ᠤ ᠤᠷᠤᠨ ᠡᠯ᠎ᠡ ᠭᠠᠵᠠᠷ ᠤᠨ ᠡᠪᠡᠰᠦ ᠪᠡᠯᠴᠢᠭᠡᠷ ᠤᠨ ᠲᠥᠷᠥᠯ ᠬᠡᠯᠪᠡᠷᠢ᠂ ᠬᠤᠷ᠎ᠠ ᠲᠣᠨᠳᠠᠰᠤ ᠶᠢᠨ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ ᠰᠡᠯᠭᠦᠨ ᠮᠠᠯᠵᠢᠬᠤ ᠴᠠᠭ ᠤᠨ ᠬᠢᠵᠠᠭᠠᠷ ᠢ ᠲᠣᠭᠲᠠᠭᠠᠵᠠᠢ᠂ ᠣᠳᠣᠬᠠᠨ ᠳᠤ ᠤᠯᠠᠭᠠᠨᠬᠠᠳᠠ᠂ ᠣᠷᠳᠣᠰ ᠤᠨ ᠬᠡᠰᠡᠭ ᠬᠤᠰᠢᠭᠤ ᠰᠢᠶᠠᠨ ᠨᠢᠭᠡᠨᠲᠡ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠤ ᠣᠷᠣᠵᠤ᠂ ᠰᠡᠯᠭᠦᠨ ᠮᠠᠯᠵᠢᠬᠤ ᠬᠤᠭᠤᠴᠠᠭ᠎ᠠ ᠶᠢ 45 ᠡᠳᠦᠷ ᠠᠴᠠ ᠳᠤᠤᠷ᠎ᠠ ᠪᠠᠶᠢᠯᠭᠠᠬᠤ ᠥᠬᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠬᠰᠤᠭᠠᠵᠦ ᠰᠡᠯᠭᠦᠨ ᠮᠠᠯᠵᠢᠬᠤ ᠲᠦᠷᠢᠮ︾ ᠶᠣᠰᠣᠭᠠᠷ᠂ ᠡᠨᠡ ᠵᠢᠯ ᠪᠥᠬᠦ ᠣᠷᠣᠨ ᠤ ᠨᠤᠲᠤᠭ ᠪᠡᠯᠴᠢᠭᠡᠷ ᠲᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠶᠢ ᠬᠡᠷᠡᠭᠵᠢᠭᠦᠯᠵᠦ᠂ ᠰᠡᠯᠭᠦᠨ ᠮᠠᠯᠵᠢᠬᠤ ᠶᠡᠷᠦᠩᠬᠡᠶ ᠲᠠᠯᠠᠪᠠᠶ ᠶᠢ 9.7 ᠳ᠋ᠦᠩᠰᠢᠭᠤᠷ ᠮᠥ ᠳᠤ ᠬᠥᠷᠬᠡᠨ᠎ᠠ᠃   ᠥᠪᠥᠷ ᠮᠣᠩᠭᠤᠯ ᠪᠡᠯᠴᠢᠭᠡᠷᠯᠡᠭᠦᠯᠭᠦ ᠪᠠᠨ ᠵᠣᠭᠰᠣᠭᠰᠠᠨ ᠮᠠᠯᠵᠢᠬᠤ ᠡᠷᠦᠬᠡ ᠳᠤ ᠨᠥᠬᠦᠪᠥᠷᠢ ᠣᠯᠭᠤᠬᠤ ᠪᠠᠷ ᠳᠠᠮᠵᠢᠭᠤᠯᠤᠨ᠂ ᠨᠤᠲᠤᠭ ᠪᠡᠯᠴᠢᠭᠡᠷ ᠢ ᠰᠡᠷᠭᠦᠭᠡᠬᠦ ᠶᠢ ᠳᠡᠮᠵᠢᠵᠦ ᠪᠠᠶᠢᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠨᠥᠭᠡᠴᠡᠯᠡᠬᠦ᠂ ᠮᠠᠯᠴᠢᠳ ᠥᠪᠡᠷᠰᠡᠳ ᠢᠶᠠᠨ ᠪᠡᠯᠡᠳᠭᠡᠬᠦ᠂ ᠵᠣᠬᠢᠴᠠᠭᠤᠯᠤᠨ ᠲᠣᠬᠢᠷᠠᠭᠤᠯᠵᠤ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠪᠡᠰᠦ ᠪᠣᠷᠳᠤᠭ᠎ᠠ ᠨᠥᠭᠡᠴᠡᠯᠡᠵᠦ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠬᠠᠰᠢᠶᠠᠯᠠᠨ ᠲᠡᠵᠢᠭᠡᠬᠦ ᠫᠧᠩ ᠰᠠᠷᠠᠪᠴᠢ ᠵᠡᠷᠭᠡ ᠰᠠᠭᠤᠷᠢ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠦᠢᠯᠡᠴᠢᠯᠡᠭᠡᠨ ᠢ ᠴᠢᠩᠭᠠᠷᠠᠭᠤᠯᠤᠨ᠂ ᠮᠠᠯᠴᠢᠳ ᠤᠨ ᠥᠪᠡᠷ ᠤᠨ ᠮᠠᠯ ᠲᠡᠵᠢᠭᠡᠪᠦᠷᠢ ᠪᠠᠨ ᠬᠠᠰᠢᠶᠠᠯᠠᠨ ᠲᠡᠵᠢᠭᠡᠬᠦ ᠶᠢ ᠳᠡᠮᠵᠢᠵᠦ ᠪᠠᠶᠢᠨ᠎ᠠ᠃    ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠰᠢᠯᠵᠢᠶ᠎ᠠ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ