ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠳᠤ᠄ | ᠬᠠᠩᠰᠢ ᠶᠢᠨ ᠡᠳᠦᠷ ᠤᠳᠠᠯ ᠦᠭᠡᠢ ᠬᠦᠷᠴᠦ ᠢᠷᠡᠬᠦ ᠪᠠᠷ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ | ᠪᠣᠬᠢᠷᠲᠤᠯ ᠦᠭᠡᠢ᠂ ᠪᠣᠯᠪᠠᠰᠤᠨ᠂ ᠪᠠᠭ᠎ᠠ ᠨᠡᠭᠦᠷᠡᠰᠦᠲᠥ᠋ᠷᠥᠭᠴᠢᠲᠦ᠂ ᠠᠷᠪᠢᠴᠢ ᠭᠠᠮᠲᠠᠢ᠂ ᠣᠷᠴᠢᠨ ᠲᠣᠭᠤᠷᠢᠨ ᠳᠤ ᠪᠤᠬᠢᠷᠳᠤᠯ ᠦᠬᠡᠢ᠂ ᠠᠮᠤᠷ | ᠲᠦᠪᠰᠢᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠳᠤ ᠳᠣᠣᠷᠠᠬᠢ ᠮᠡᠲᠦ | ᠤᠨᠴᠠᠭᠠᠶᠢᠯᠠᠨ ᠰᠠᠨᠠᠭᠠᠴᠢᠯᠠᠶ᠎ᠠ᠄ | ᠨᠢᠭᠡ ᠳᠤ᠂ ᠪᠣᠯᠪᠠᠰᠤᠨ ᠢᠶᠠᠷ ᠳᠠᠬᠢᠯᠭ᠎ᠠ ᠬᠢᠵᠦ ᠪᠣᠬᠢᠷᠲᠤᠯ ᠦᠭᠡᠢ ᠪᠠᠶᠢᠬᠤ ᠶᠢ ᠡᠷᠬᠢᠮᠯᠡᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠶᠠ᠃ | ᠪᠤᠬᠢᠷᠳᠤᠯ ᠦᠭᠡᠢ ᠪᠠᠷ ᠶᠠᠪᠤᠵᠤ ᠰᠠᠭᠤᠬᠤ᠂ ᠰᠣᠷᠭᠤᠭ ᠴᠡᠴᠡᠭ ᠬᠦ᠋ᠷᠬᠡᠵᠦ ᠲᠠᠬᠢᠯᠭ᠎ᠠ ᠬᠢᠬᠦ᠂ ᠬᠡᠷ ᠤᠨ ᠰᠤᠷᠲᠠᠯ ᠬᠡᠷ ᠤᠨ ᠰᠤᠷᠭᠠᠯ ᠢ ᠤᠩᠰᠢᠬᠤ᠂ | ᠠᠬᠠᠮᠠᠳ ᠦᠶ᠎ᠡ ᠶᠢᠨ ᠬᠢᠨ ᠤ ᠥᠯᠢᠭᠡᠷ ᠢ ᠰᠠᠶᠢᠲᠤᠷ ᠶᠠᠷᠢᠬᠤ᠂ ᠣᠩᠭᠤᠨ ᠤ ᠬᠥᠰᠢᠶ᠎ᠡ ᠶᠢ ᠴᠡᠪᠡᠷᠯᠡᠬᠦ᠂ ᠰᠦᠯᠵᠢᠶ᠎ᠡ ᠪᠠᠷ ᠲᠠᠬᠢᠯᠭ᠎ᠠ ᠬᠢᠬᠦ ᠵᠡᠷᠭᠡ | ᠬᠡᠯᠪᠡᠷᠢ ᠪᠠᠷ ᠨᠥᠭᠴᠢᠭᠰᠡᠳ ᠢ ᠳᠠᠭᠢᠵᠤ᠂ ᠭᠠᠰᠢᠭᠤᠳᠠᠯ ᠢᠶᠠᠨ ᠢᠯᠡᠳᠭᠡᠬᠦ ᠶᠢ ᠰᠠᠨᠠᠭᠠᠴᠢᠯᠠᠶ᠎ᠠ᠃ ᠶᠡᠭᠡ ᠪᠠᠷ ᠬᠢᠬᠦ᠂ ᠪᠠᠶᠠᠨ ᠢᠶᠠᠨ ᠭᠠᠶᠢᠬᠠᠭᠤᠯᠵᠤ | ᠠᠳᠠᠯᠢᠳᠬᠠᠬᠤ᠂ ᠠᠮᠢᠳᠤ ᠪᠠᠶᠢᠬᠤ ᠳᠤᠨᠢ ᠰᠠᠶᠢᠳᠤᠷ ᠬᠠᠷᠠᠭᠠᠯᠵᠠᠬᠤ ᠦᠭᠡᠢ ᠦᠬᠦᠭᠰᠡᠨ ᠤ ᠬᠢᠨᠢ ᠳᠠᠷᠠᠭ᠎ᠠ ᠬᠦᠨᠳᠦ ᠪᠠᠷ ᠣᠷᠣᠰᠢᠭᠤᠯᠬᠤ ᠵᠡᠷᠭᠡ ᠬᠠᠭᠤᠴᠢᠨ | ᠶᠣᠰᠣ ᠪᠦᠳᠦᠭᠦᠯᠢᠭ ᠳᠠᠳᠬᠠᠯ ᠢ ᠬᠤᠷᠢᠭᠯᠠᠵᠤ᠂ ᠪᠣᠬᠢᠷᠲᠤᠯ ᠥᠬᠡᠶ᠂ ᠣᠷᠴᠢᠨ ᠲᠣᠭᠤᠷᠢᠨ ᠳᠤ ᠪᠤᠬᠢᠷᠳᠤᠯ ᠦᠬᠡᠢ ᠬᠡᠯᠪᠡᠷᠢ ᠪᠠᠷ ᠤᠬᠠᠮᠰᠠᠷ ᠠᠴᠠ ᠪᠠᠨ | ᠪᠠᠭ᠎ᠠ ᠨᠡᠭᠦᠷᠡᠰᠦᠲᠥ᠋ᠷᠥᠭᠴᠢᠲᠦ ᠪᠣᠯᠪᠠᠰᠤᠨ ᠲᠠᠬᠢᠯᠭ᠎ᠠ ᠬᠢᠬᠦ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠦᠶ᠎ᠡ᠃ | ᠬᠤᠶᠠᠷ ᠲᠤ᠂ ᠠᠷᠪᠢᠴᠢ ᠭᠠᠮᠲᠠᠢ ᠪᠠᠷ ᠣᠷᠣᠰᠢᠭᠤᠯᠭ᠎ᠠ ᠶᠢᠨ ᠶᠠᠪᠤᠳᠠᠯ ᠢ ᠬᠢᠵᠦ ᠣᠷᠴᠢᠨ ᠲᠣᠭᠤᠷᠢᠨ ᠢ ᠬᠠᠮᠠᠭᠠᠯᠠᠶ᠎ᠠ᠃ ᠮᠣᠳᠣᠨ ᠣᠷᠣᠰᠢᠭᠤᠯᠭ᠎ᠠ᠂ | ᠴᠡᠴᠡᠭᠯᠢᠭᠲᠦ ᠣᠷᠣᠰᠢᠭᠤᠯᠭ᠎ᠠ᠂ ᠵᠦᠯᠭᠡᠨ ᠣᠷᠣᠰᠢᠭᠤᠯᠭ᠎ᠠ᠂ ᠴᠢᠨᠳᠠᠷ ᠢ ᠰᠠᠴᠤᠬᠤ ᠵᠡᠷᠭᠡ ᠠᠮᠢ ᠠᠬᠤᠶ ᠶᠢᠨ ᠣᠷᠣᠰᠢᠭᠤᠯᠭ᠎ᠠ ᠶᠢᠨ ᠬᠡᠯᠪᠡᠷᠢ ᠶᠢ | ᠰᠠᠨᠠᠭᠠᠴᠢᠯᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠡᠵᠡᠯᠡᠨ ᠬᠡᠷᠡᠭᠯᠡᠬᠦ ᠶᠢ ᠠᠯᠢ ᠴᠢᠳᠠᠬᠤ ᠪᠠᠷ ᠪᠠᠭᠠᠰᠬᠠᠵᠤ᠂ ︽ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠪᠠ ᠦᠢᠯᠡᠳᠦᠯᠭᠡᠵᠢᠭᠦᠯᠵᠦ᠂ ᠡᠬᠢ ᠪᠠᠶᠠᠯᠢᠭ ᠢ | ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠪᠠᠷ ᠥᠷᠲᠡᠭ ᠤᠨ ᠤᠳᠤᠷᠢᠳᠤᠮᠵᠢ ᠪᠣᠯᠭᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠶ᠎ᠠ᠃ | ᠭᠤᠷᠪᠠ ᠳᠤ᠂ ᠠᠮᠤᠷ ᠲᠦᠪᠰᠢᠨ ᠢᠶᠠᠷ ᠲᠠᠬᠢᠯᠭ᠎ᠠ ᠬᠢᠵᠦ ᠡᠶ᠎ᠡ ᠵᠣᠬᠢᠴᠠᠩᠭᠤᠶ ᠡᠮᠬᠢ ᠵᠢᠷᠤᠮ ᠲᠠᠢ ᠪᠠᠶᠢᠬᠤ ᠶᠢ ᠰᠠᠨᠠᠭᠠᠴᠢᠯᠠᠶ᠎ᠠ᠃ ᠠᠮᠤᠷ ᠲᠦᠪᠰᠢᠨ ᠤ | ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠥᠬᠡᠶ᠂ ᠬᠡᠭᠡᠷ᠎ᠡ ᠭᠠᠳᠠᠨ᠎ᠠ᠂ ᠣᠶ ᠰᠢᠭᠤᠶ᠂ | ᠲᠠᠯ᠎ᠠ ᠨᠤᠲᠤᠭ᠂ ᠠᠭᠤᠳᠠᠮ ᠲᠠᠯᠠᠪᠠᠶ᠂ ᠰᠠᠭᠤᠭᠠᠯᠢ ᠠᠷᠠᠳ ᠤᠨ ᠲᠣᠭᠤᠷᠢᠭ᠂ ᠵᠠᠮ ᠤᠨ ᠠᠭᠤᠯᠵᠠᠷ᠂ ᠨᠡᠶᠢᠲᠡ ᠶᠢᠨ ᠣᠩᠭᠤᠨ ᠵᠡᠷᠭᠡ ᠣᠯᠠᠨ | ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠢᠲᠠᠭᠠᠬᠤ ᠦᠭᠡᠢ᠂ ᠫᠤᠤᠵᠢᠩ ᠲᠠᠯᠪᠢᠬᠤ ᠦᠭᠡᠢ᠂ ᠲᠠᠬᠢᠯᠭ᠎ᠠ ᠶᠢᠨ ᠬᠡᠷᠡᠭᠰᠡᠯ ᠰᠠᠴᠤᠬᠤ ᠥᠬᠡᠶ᠂ | ᠣᠷᠴᠢᠨ ᠲᠣᠭᠤᠷᠢᠨ ᠢ ᠪᠣᠬᠢᠷᠲᠤᠭᠤᠯᠬᠤ ᠥᠬᠡᠶ᠂ ᠪᠤᠰᠤᠳ ᠤᠨ ᠠᠮᠢᠳᠤᠷᠠᠯ ᠢ ᠨᠥᠯᠥᠭᠡᠯᠡᠬᠦ ᠥᠬᠡᠶ ᠪᠠᠶᠢᠵᠤ᠂ ᠪᠣᠯᠪᠠᠰᠤᠨ᠂ ᠡᠶ᠎ᠡ ᠵᠣᠬᠢᠴᠠᠩᠭᠤᠶ | ᠳᠤᠷᠠᠰᠬᠠᠯ ᠤᠨ ᠡᠳᠦᠷ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠲᠠᠬᠢᠯᠭ᠎ᠠ ᠶᠢᠨ ᠠᠵᠢᠯᠯᠠᠭ᠎ᠠ ᠶᠢ ᠠᠮᠤᠷ ᠲᠦᠪᠰᠢᠨ᠂ ᠲᠣᠭᠲᠠᠭᠤᠨ᠂ ᠡᠮᠬᠢ | ᠵᠢᠷᠤᠮ ᠲᠠᠢ ᠪᠠᠶᠢᠯᠭᠠᠶ᠎ᠠ᠃ | ᠳᠥᠷᠪᠡ ᠳᠤ᠂ ᠨᠠᠮ ᠤᠨ ᠭᠡᠰᠢᠭᠦᠨ ᠲᠦᠷᠦᠭᠦᠯᠡᠨ ᠦᠯᠢᠭᠡᠷ ᠲᠠᠭᠤᠷᠢᠶᠠᠯ ᠦᠵᠡᠭᠦᠯᠦᠶ᠎ᠡ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠬᠤᠰᠢᠭᠤᠴᠢ | ᠵᠢᠱᠢᠶᠡᠴᠢ ᠦ᠋ᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠪᠡᠶ᠎ᠡ ᠪᠠᠷ ᠢᠶᠠᠨ ᠬᠡᠪ ᠲᠦᠷᠢᠮ ᠦᠵᠡᠬᠦᠯᠵᠤ᠂ | ᠲᠦᠷᠦᠯ ᠰᠠᠳᠤᠨ ᠨᠠᠶᠢᠵᠠ ᠨᠥᠬᠦᠳ ᠪᠠ ᠳᠡᠷᠭᠡᠳᠡᠬᠢ ᠤᠯᠠᠨ ᠲᠦᠮᠡᠨ ᠳᠡᠭᠡᠨ ᠪᠣᠯᠪᠠᠰᠤᠨ ᠪᠦᠭᠡᠳ ᠡᠷᠡᠭᠦᠯ ᠲᠠᠬᠢᠯᠭ᠎ᠠ ᠶᠢᠨ ᠬᠡᠯᠪᠡᠷᠢ ᠶᠢ ᠢᠳᠡᠪᠬᠢᠲᠡᠢ | ᠤᠬᠠᠭᠤᠯᠬᠤ ᠶᠢᠨ ᠬᠠᠮᠲᠤ ᠪᠣᠯᠪᠠᠰᠤᠨ ᠪᠤᠰᠤ᠂ ᠵᠢᠷᠤᠮᠵᠢᠩᠭᠤᠢ ᠪᠤᠰᠤ᠂ ᠠᠮᠤᠷ ᠲᠦᠪᠰᠢᠨ ᠪᠤᠰᠤ ᠲᠠᠬᠢᠯᠭ᠎ᠠ ᠶᠢᠨ ᠠᠵᠢᠯᠯᠠᠭ᠎ᠠ ᠳᠤ ᠬᠠᠷᠢᠯᠴᠠᠨ ᠬᠢᠨᠠᠯᠲᠠ | ᠲᠠᠯᠪᠢᠬᠤ ᠪᠠ ᠬᠤᠷᠢᠭᠯᠠᠨ ᠵᠣᠭᠰᠣᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠨᠥᠯᠥᠭᠡᠯᠡᠨ ᠲᠠᠶᠢᠴᠢᠯᠠᠵᠤ᠂ ᠲᠠᠬᠢᠯᠭ᠎ᠠ ᠬᠢᠬᠦ | ᠰᠢᠨ᠎ᠡ ᠰᠤᠷᠲᠠᠯ ᠢ ᠪᠤᠢ ᠪᠤᠯᠭᠠᠵᠤ᠂ ᠪᠣᠯᠪᠠᠰᠤᠨ ᠢᠶᠠᠷ ᠲᠠᠬᠢᠯᠭ᠎ᠠ ᠬᠢᠬᠦ ᠶᠢ ᠡᠷᠬᠢᠮᠯᠡᠵᠦ᠂ ᠪᠢᠳᠡᠨ ᠤ ᠣᠷᠴᠢᠨ ᠲᠣᠭᠤᠷᠢᠨ ᠢᠶᠠᠨ ᠨᠡᠩ ᠰᠠᠶᠢᠨ ᠰᠠᠶᠢᠬᠠᠨ | ᠪᠤᠯᠭᠠᠶ᠎ᠠ᠃ | ᠪᠣᠯᠪᠠᠰᠤᠨ ᠬᠡᠷ ᠣᠷᠣᠨ ᠢᠶᠠᠨ ᠬᠠᠮᠲᠤ ᠪᠠᠷ ᠪᠠᠶᠢᠭᠤᠯᠤᠶ᠎ᠠ᠃ ᠪᠢᠳᠡ ᠪᠣᠯᠪᠠᠰᠤᠨ ᠢᠶᠠᠷ ᠲᠠᠬᠢᠯᠭ᠎ᠠ ᠬᠢᠬᠦ ᠵᠢᠱᠢᠶ᠎ᠡ ᠦᠵᠡᠭᠦᠯᠦᠭᠴᠢ᠂ ᠪᠠᠭ᠎ᠠ | ᠨᠡᠭᠦᠷᠡᠰᠦᠲᠥ᠋ᠷᠥᠭᠴᠢᠳᠤ ᠡᠷᠡᠭᠦᠯ ᠮᠡᠨᠳᠦ ᠶᠢᠨ ᠣᠶᠢᠯᠠᠭᠠᠭᠳᠠᠬᠤᠨ ᠤ ᠦᠢᠯᠡᠳᠦᠯᠭᠡᠵᠢᠭᠦᠯᠦᠭᠴᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠪᠠᠳᠠᠷᠠᠭᠤᠯᠤᠭᠴᠢ ᠪᠣᠯᠤᠶ᠎ᠠ᠃ ᠪᠣᠬᠢᠷᠲᠤᠯ ᠥᠬᠡᠶ᠂ ᠪᠣᠯᠪᠠᠰᠤᠨ᠂ ᠰᠢᠨ᠎ᠡ ᠮᠠᠶ᠋ᠢᠭ ᠤᠨ ᠲᠠᠬᠢᠯᠭ᠎ᠠ ᠶᠢᠨ ᠬᠡᠯᠪᠡᠷᠢ ᠪᠠᠷ ᠰᠢᠨ᠎ᠡ ᠬᠡᠪ ᠰᠤᠷᠲᠠᠯ ᠢ | ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ | ᠪᠥᠲᠥᠭᠡᠨ ᠪᠠᠶᠢᠭᠤᠯᠤᠶ᠎ᠠ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠣᠠ ᠤ ᠤᠶᠤᠨ ᠤ | ᠪᠤᠯᠪᠠᠰᠤᠨ ᠤ ᠪᠠᠶᠢᠭᠤᠯᠤᠯᠳᠠ ᠶᠢᠨ ᠬᠤᠷᠢᠶ᠎ᠠ ᠶᠢᠨ ᠠᠯᠪᠠᠨ ᠭᠡᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ | 2024 ᠣᠨ ᠤ 4 ᠰᠠᠷ᠎ᠠ ᠶᠢᠨ 1 ᠤ ᠡᠳᠦᠷ | |