ᠰᠢ ᠰᠢᠶᠤᠤ ᠵᠣᠣ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠪᠣᠯᠪᠠᠰᠤᠷᠠᠯ ᠵᠢᠴᠢ ᠮᠡᠳᠡᠯᠭᠡ ᠶᠢᠨ ᠰᠢᠯᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/22
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠦᠯᠦᠬᠡ᠂ ᠣᠶᠢᠷ᠎ᠠ ᠳᠤ᠂ ᠰᠢ ᠰᠢᠶᠤᠤ ᠵᠣᠣ ᠪᠠᠯᠭᠠᠰᠤᠨ ᠤ ᠪᠥᠬᠦ ᠨᠠᠮ ᠤᠨ ᠭᠡᠰᠢᠭᠦᠨ ᠺᠠᠳ᠋ᠷ᠂ ᠡᠯ᠎ᠡ ᠵᠠᠰᠠᠭ ᠵᠠᠬᠢᠷᠭᠠᠨ ᠤ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠡᠷᠭᠡ 130 ᠭᠠᠷᠤᠶ ᠬᠥᠮᠦᠨ ᠰᠢ ᠰᠢᠶᠤᠤ ᠵᠣᠣ ᠪᠠᠯᠭᠠᠰᠤᠨ ᠤ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠪᠣᠯᠪᠠᠰᠤᠷᠠᠯ ᠵᠢᠴᠢ  ᠮᠡᠳᠡᠯᠭᠡ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃     ᠲᠣᠰ ᠤᠳᠠᠭᠠᠨ ᠤ ᠪᠣᠯᠪᠠᠰᠤᠷᠠᠯ ᠨᠢ ᠲᠡᠳᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠲᠠᠨᠢᠯᠲᠠ ᠶᠢᠨ ᠬᠢᠷᠢ ᠲᠦᠪᠰᠢᠨ ᠢ  ᠳᠡᠭᠡᠭᠰᠢᠯᠡᠭᠦᠯᠵᠦ᠂ ᠬᠥᠮᠥᠨ ᠪᠦᠬᠦᠨ ᠮᠡᠳᠡᠵᠦ᠂ ᠬᠥᠮᠥᠨ ᠪᠦᠬᠦᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠰᠢ ᠰᠢᠶᠤᠤ ᠵᠣᠣ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠦᠵᠡᠯ ᠰᠠᠨᠠᠭ᠎ᠠ ᠪᠠᠨ ᠭᠦᠨᠵᠡᠭᠡᠢ ᠣᠶᠢᠯᠠᠭᠠᠨ ᠨᠢᠭᠡᠳᠬᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠬᠡᠯᠪᠡᠷᠢᠲᠡᠢ᠂ ᠲᠥᠷᠥᠭᠳᠡᠯ ᠲᠠᠢ᠂ ᠪᠦᠲᠦᠮᠵᠢᠲᠡᠢ ᠥᠷᠨᠢᠬᠦ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠤᠢ ᠪᠣᠯᠭᠠᠬᠤ ᠤᠬᠠᠮᠰᠠᠷ ᠢ  ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠪᠣᠯᠣᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ