ᠪᠠᠶᠠᠨᠬᠤᠸᠠ ᠪᠠᠯᠭᠠᠰᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠣᠭᠤᠰᠢᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠶᠢ ᠨᠠᠶᠢᠳᠠᠪᠣᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠶᠢᠨ ᠰᠠᠶᠢᠬᠠᠨ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠤᠢᠢᠷ᠎ᠠ ᠶᠢᠨ ᠡᠳᠦᠷ᠂  ᠪᠠᠶᠠᠨᠬᠤᠸᠠ ᠪᠠᠯᠭᠠᠰᠤᠨ ᠤ ᠠᠭᠤᠢ ᠶᠢᠨ ᠭᠤᠣᠯ ᠭᠠᠴᠠᠭ᠎ᠠ ᠪᠣᠯᠣᠨ ᠮᠤᠨᠠ ᠠᠭᠤᠯᠠ ᠪᠠᠭ᠎ᠠ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢ᠂ ᠭᠡᠷ ᠤᠨ ᠠᠬᠠᠮᠠᠳ ᠬᠠᠮᠲᠤᠪᠠᠷ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠦᠷᠨᠢᠬᠦᠯᠪᠡ᠃    ᠭᠠᠴᠠᠭᠠᠨ ᠤ ᠠᠵᠢᠯᠲᠠᠨ ᠤ ᠳᠠᠭᠠᠭᠤᠯᠭ᠎ᠠ ᠪᠠᠷ᠂ ᠭᠡᠷ ᠤᠨ ᠠᠬᠠᠮᠠᠳ ᠰᠣᠷᠣᠭᠴᠢᠳ ᠲᠠᠢ ᠬᠠᠮᠲᠤ ᠪᠠᠷ ᠨᠦᠬᠡ ᠮᠠᠯᠲᠠᠬᠤ᠂  ᠮᠣᠳᠣ ᠰᠠᠭᠤᠯᠭᠠᠬᠤ᠂ ᠮᠣᠳᠣ ᠣᠰᠣᠯᠠᠬᠤ ᠵᠡᠷᠭᠡ ᠶᠢ ᠡᠮᠬᠢ ᠵᠢᠷᠣᠮ ᠲᠠᠢ ᠪᠠᠷ ᠶᠠᠪᠤᠭᠳᠠᠭᠤᠯᠤᠨ ᠭᠠᠴᠠᠭᠠᠨ ᠳᠤ ︽ᠰᠢᠨ᠎ᠡ ᠨᠣᠭᠤᠭᠠᠷᠠᠭᠤᠯᠤᠯᠲᠠ︾ ᠨᠡᠮᠡᠵᠦ ᠥᠭᠪᠡ᠂ ᠳᠠᠷᠠᠭ᠎ᠠ ᠨᠢ ᠬᠡᠦᠬᠡᠳ ᠤᠳ ᠥᠪᠡᠷ ᠤᠨ ᠭᠠᠷ ᠢᠶᠠᠷ ᠢᠶᠠᠨ ᠲᠠᠷᠢᠭᠰᠠᠨ ᠵᠤᠯᠵᠠᠭ᠎ᠠ ᠮᠣᠳᠣ ᠪᠠᠨ ︽ᠪᠠᠭ᠎ᠠ ᠡᠵᠡᠨ ᠲᠠᠢ︾ ᠭᠡᠵᠦ ᠡᠯᠭᠦᠬᠦ ᠶᠢᠨ ᠬᠠᠮᠲᠤ ᠭᠠᠴᠠᠭᠠᠨ ᠤ ᠠᠵᠢᠯᠲᠠᠳ ᠤᠨ ᠣᠷᠴᠢᠨ ᠲᠣᠭᠤᠷᠢᠨ ᠢ ᠬᠠᠶᠢᠷᠠᠯᠠᠬᠤ ᠤᠬᠠᠮᠰᠠᠷ ᠪᠣᠯᠤᠨ ᠠᠮᠢ ᠠᠬᠤᠢ ᠶᠢ ᠬᠠᠮᠠᠭᠠᠯᠠᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠭᠠᠷ ᠬᠤᠯᠪᠣᠨ ᠬᠠᠮᠲᠤᠪᠠᠷ ᠲᠠᠪᠰᠢᠬᠤ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃    ᠳᠠᠷᠠᠭᠠᠴᠢ ᠶᠢᠨ ᠠᠯᠬᠤᠮ ᠳᠤ᠂ ᠪᠠᠶᠠᠨᠬᠤᠸᠠ ᠪᠠᠯᠭᠠᠰᠤᠨ ᠤ ᠠᠭᠤᠢ ᠶᠢᠨ ᠭᠤᠣᠯ ᠭᠠᠴᠠᠭ᠎ᠠ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠰᠠᠬᠢᠨ ᠬᠠᠮᠠᠭᠠᠯᠠᠨ᠎ᠠ᠃          
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ