ᠶᠡᠭᠡ ᠰᠢᠭᠡᠲᠡᠢ ᠪᠠᠯᠭᠠᠰᠣ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠠᠬᠢᠨ ᠬᠢᠨᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/22
    ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠵᠢᠷᠣᠮᠵᠢᠭᠤᠯᠵᠣ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠭᠡᠷ ᠪᠦᠯᠢ ᠶᠢᠨ ᠪᠦᠷᠢᠯᠳᠦᠬᠦᠨ ᠵᠢᠴᠢ ᠭᠡᠷ ᠪᠦᠯᠢ ᠶᠢᠨ ᠣᠷᠣᠯᠭ᠎ᠠ ᠶᠢᠨ ᠪᠣᠳᠠᠲᠠᠶ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠬᠤ ᠶᠢ ᠦᠨᠡᠨ ᠬᠦ  ᠪᠠᠲᠣᠯᠠᠬᠤ  ᠶᠢᠨ ᠲᠦᠯᠦᠭᠡ᠂ ᠣᠶᠢᠷ᠎ᠠ ᠳᠤ᠂  ᠣᠷᠠᠳ ᠤᠨ ᠡᠮᠦᠨᠡᠲᠤ ᠬᠤᠰᠢᠭᠤᠨ ᠤ ᠶᠡᠭᠡ ᠰᠢᠭᠡᠲᠡᠢ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠭᠡᠷ ᠤᠨ ᠬᠢᠨ ᠠᠷᠠᠳ ᠤᠨ ᠶᠠᠪᠤᠳᠠᠯ ᠤᠨ ᠲᠤᠰᠠᠯᠠᠭᠴᠢ ᠲᠠᠢ ᠬᠠᠮᠵᠢᠯᠴᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠳᠤ ᠳᠠᠬᠢᠨ ᠬᠢᠨᠠᠬᠤ ᠠᠵᠢᠯ ᠥᠷᠨᠢᠭᠦᠯᠪᠡ᠃    ᠳᠠᠬᠢᠨ ᠬᠢᠨᠠᠬᠤ ᠶᠠᠪᠤᠴᠠ ᠳᠤ᠂ ᠪᠣᠭᠤᠮᠲᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠡᠷᠦᠬᠡ ᠳᠤ ᠬᠦᠷᠴᠦ ᠮᠠᠲ᠋ᠧᠷᠢᠶᠠᠯ ᠴᠤᠭᠯᠠᠭᠤᠯᠬᠤ᠂ ᠮᠡᠳᠡᠭᠡ ᠵᠠᠩᠭᠢ ᠶᠢ ᠬᠠᠷᠢᠴᠠᠭᠤᠯᠬᠤ᠂ ᠳᠠᠬᠢᠨ ᠲᠣᠭᠠᠴᠠᠭ᠎ᠠ ᠬᠢᠬᠦ᠂ ᠠᠷᠠᠳᠴᠢᠯᠠᠯ ᠢᠶᠠᠷ ᠦᠨᠡᠯᠡᠬᠦ ᠵᠡᠷᠭᠡ ᠬᠡᠯᠪᠡᠷᠢ ᠪᠠᠷ ᠬᠥᠮᠦᠨ ᠠᠮᠠ ᠶᠢᠨ ᠨᠡᠮᠡᠭᠳᠡᠵᠦ ᠬᠠᠰᠤᠭᠳᠠᠭᠰᠠᠨ᠂ ᠣᠷᠣᠯᠭ᠎ᠠ ᠶᠢᠨ ᠪᠠᠶᠢᠳᠠᠯ ᠵᠢᠴᠢ ᠬᠦᠴᠢᠷᠳᠡᠯ ᠤᠨ ᠬᠡᠮᠵᠢᠶ᠎ᠡ ᠶᠢ ᠪᠦᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠡᠷᠦᠬᠡ ᠳᠠᠷᠠᠭᠠᠯᠠᠨ ᠳᠠᠩᠰᠠ ᠡᠪᠬᠡᠮᠡᠯ ᠢ ᠲᠡᠭᠦᠯᠳᠡᠷᠵᠢᠭᠦᠯᠵᠦ᠂ ︽ᠪᠠᠶᠢᠴᠠᠭᠠᠯᠲᠠ ᠨᠢ ᠡᠷᠦᠬᠡ ᠶᠢ ᠣᠷᠬᠢᠭᠳᠠᠭᠤᠯᠬᠤ ᠦᠭᠡᠶ᠂ ᠡᠷᠦᠬᠡ ᠨᠢ ᠬᠥᠮᠦᠨ ᠢ ᠣᠷᠬᠢᠭᠳᠠᠭᠤᠯᠬᠤ ᠦᠭᠡᠶ᠂ ᠨᠢᠭᠡ ᠡᠷᠦᠬᠡ ᠳᠤ ᠨᠢᠭᠡ ᠳᠠᠩᠰᠠ ᠡᠪᠬᠡᠮᠡᠯ︾ ᠢ ᠬᠢᠵᠦ ᠬᠦᠢᠴᠡᠳᠭᠡᠪᠡ᠃ ᠡᠭᠦᠨ ᠠᠴᠠ ᠭᠠᠳᠠᠨ᠎ᠠ ᠪᠠᠰᠠ᠂ ᠬᠦᠴᠢᠷᠳᠡᠯᠲᠡᠶ ᠣᠯᠠᠨ ᠲᠦᠮᠡᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠤᠬᠠᠭᠤᠯᠤᠭᠰᠠᠨ ᠪᠥᠭᠡᠳ ᠬᠠᠷᠢᠶᠠᠲᠤ ᠣᠷᠣᠨ ᠤ ᠳᠣᠲᠣᠷᠠᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯᠲᠠᠨ ᠤ ᠬᠤᠯᠪᠣᠭᠳᠠᠯ ᠪᠦᠬᠦᠢ ᠮᠡᠳᠡᠭᠡ ᠵᠠᠩᠭᠢ ᠪᠣᠯᠤᠨ ᠦᠨᠡᠮᠯᠡᠯ ᠢ ᠬᠢᠨᠠᠮᠠᠭᠠᠶ ᠬᠠᠷᠭᠤᠭᠤᠯᠵᠤ᠂ ᠬᠤᠶᠢᠰᠢᠳᠠ ᠶᠢᠨ ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠳᠤ ᠳᠥᠭᠦᠮ ᠪᠣᠯᠭᠠᠪᠠ᠃    ᠣᠳᠣᠬᠠᠨ ᠪᠣᠯᠲᠠᠯ᠎ᠠ᠂ ᠶᠡᠭᠡ ᠰᠢᠭᠡᠲᠡᠢ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠭᠡᠷ ᠤᠨ ᠬᠢᠨ ᠪᠥᠬᠦ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠳᠤ ᠳᠠᠬᠢᠨ ᠲᠣᠭᠠᠴᠠᠭ᠎ᠠ ᠬᠢᠬᠦ ᠠᠵᠢᠯ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠣᠰ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠬᠡᠷ ᠤᠨ ᠬᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠨᠡᠶᠢᠭᠡᠮ ᠤᠨ ᠠᠪᠤᠷᠠᠨ ᠲᠤᠰᠠᠯᠠᠬᠤ ᠴᠣᠩᠬᠤᠪᠴᠢ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠦᠴᠢᠷᠳᠡᠯᠲᠡᠶ ᠣᠯᠠᠨ ᠲᠦᠮᠡᠨ ᠢ ︽ᠠᠪᠤᠷᠠᠨ ᠲᠤᠰᠠᠯᠠᠬᠤ ᠭᠠᠵᠠᠷ ᠲᠠᠢ᠂ ᠴᠠᠭ ᠲᠤᠬᠠᠶ ᠳᠤᠨᠢ ᠬᠦᠯᠢᠶᠡᠨ ᠠᠪᠬᠤ︾  ᠪᠣᠯᠭᠠᠵᠤ᠂ ᠠᠷᠠᠳ ᠲᠤ ᠲᠥᠬᠦᠮ ᠦᠵᠡᠭᠦᠯᠦᠨ᠎ᠡ᠃                              
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ