ᠣᠷᠠᠳ ᠤᠨ ᠡᠮᠦᠨᠡᠲᠦ ᠬᠤᠰᠢᠭᠤᠨ ᠤ ᠷᠦᠢ ᠲᠠᠢ ᠨᠡᠶᠢᠭᠡᠮ ᠲᠣᠭᠤᠷᠢᠭ ᠲᠤ ᠬᠤᠣᠷ ᠲᠠᠲᠠᠬᠤ ᠶᠢ ᠵᠣᠭᠰᠤᠭᠠᠬᠤ ᠡᠷᠡᠭᠦᠯᠵᠢᠯ ᠤᠨ ᠵᠢᠯᠤᠭᠤᠳᠬᠤ ᠥᠷᠲᠡᠭᠡ ᠪᠠᠶᠢᠭᠤᠯᠪᠠ
ᠨᠡᠶᠢᠲᠡᠯᠡᠭᠰᠡᠨ ᠴᠠᠭ᠄
2024/4/22
    ᠣᠶᠢᠷ᠎ᠠ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷ ᠴᠠᠭᠠᠵᠠᠯᠠᠬᠤ ᠰᠠᠯᠪᠤᠷᠢ ᠠᠩᠭᠢ   ᠪᠣᠯᠣᠨ ᠦᠶᠤᠸᠠᠨ ᠤ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ ᠲᠠᠢ ᠬᠠᠮᠲᠤᠷᠠᠨ᠂ ᠤᠷᠠᠳ ᠤᠨ ᠡᠮᠦᠨᠡᠲᠦ ᠬᠤᠰᠢᠭᠤᠨ ᠤ ᠷᠦᠢ ᠲᠠᠢ ᠨᠡᠶᠢᠭᠡᠮ ᠲᠣᠭᠤᠷᠢᠭ ᠲᠤ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠵᠢᠯᠣᠭᠤᠳᠬᠤ ᠥᠷᠲᠡᠭᠡ ᠪᠠᠶᠢᠭᠤᠯᠪᠠ᠃   ᠲᠣᠰ ᠤᠳᠠᠭᠠᠨ ᠤ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠵᠢᠯᠣᠭᠤᠳᠬᠤ ᠥᠷᠲᠡᠭᠡ ᠶᠢᠨ ᠫᠠᠶᠢᠰᠠ ᠡᠯᠭᠦᠭᠰᠡᠨ ᠶᠠᠪᠤᠳᠠᠯ ᠪᠣᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷ ᠴᠠᠭᠠᠵᠠᠯᠠᠬᠤ ᠰᠠᠯᠪᠤᠷᠢ ᠠᠩᠭᠢ ᠪᠣᠯᠤᠨ ᠦᠶᠤᠸᠠᠨ ᠤ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ ᠤᠨ ᠬᠠᠮᠲᠤᠷᠠᠨ ᠥᠷᠨᠢᠭᠦᠯᠦᠭᠰᠡᠨ ᠨᠢᠭᠡ ᠵᠦᠢᠯ ᠤᠨ ᠴᠢᠬᠤᠯᠠ ᠠᠵᠢᠯ ᠪᠣᠯᠤᠨ᠎ᠠ᠂ ᠮᠦᠨ ᠴᠣ᠋ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ ᠪᠠ ᠡᠷᠡᠭᠦᠯᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠤᠤᠷ ᠲᠠᠲᠠᠬᠤ ᠶᠢ ᠵᠣᠭᠰᠣᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠨᠠᠩ ᠳᠥᠭᠦᠮ ᠳᠥᠲᠡ᠂ ᠲᠤᠰᠬᠠᠶ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠣᠯᠤᠨ᠎ᠠ᠃ ᠦᠷᠲᠡᠭᠡ ᠨᠢ ᠪᠠᠶᠢᠭᠤᠯᠤᠭᠳᠠᠭᠰᠠᠨ ᠤ ᠳᠠᠷᠠᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷ ᠴᠠᠭᠠᠵᠠᠯᠠᠬᠤ ᠰᠠᠯᠪᠤᠷᠢ ᠠᠩᠭᠢ ᠴᠢᠳᠠᠪᠤᠷᠢᠲᠠᠨ ᠪᠠ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ᠂ ᠡᠷᠡᠭᠦᠯᠵᠢᠭᠦᠯᠬᠦ ᠬᠥᠮᠦᠰ ᠲᠤ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ᠂ ᠰᠡᠳᠬᠢᠴᠡ ᠶᠢᠨ ᠵᠢᠯᠣᠭᠤᠳᠣᠯᠭ᠎ᠠ᠂ ᠬᠤᠤᠷ ᠴᠠᠭᠠᠵᠠᠯᠠᠬᠤ ᠤᠬᠠᠭᠤᠯᠭ᠎ᠠ ᠬᠥᠮᠦᠵᠢᠯ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠠᠵᠢᠯ ᠣᠯᠭᠤᠯᠲᠠ ᠶᠢᠨ ᠬᠠᠪᠰᠤᠷᠤᠨ ᠵᠢᠯᠣᠭᠤᠳᠬᠤ ᠵᠡᠷᠭᠡ ᠲᠠᠯ᠎ᠠ ᠶᠢᠨ ᠵᠢᠯᠣᠭᠤᠳᠣᠯᠭ᠎ᠠ ᠪᠠ ᠬᠠᠪᠰᠤᠷᠤᠯᠭ᠎ᠠ ᠶᠢ ᠥᠷᠨᠢᠭᠦᠯᠬᠦ ᠶᠢᠨ ᠬᠠᠮᠲᠤ᠂ ᠨᠡᠶᠢᠭᠡᠮ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠦᠴᠦᠨ ᠢ ᠢᠳᠡᠪᠬᠢᠲᠡᠶ ᠣᠷᠣᠭᠤᠯᠤᠨ ᠠᠪᠴᠢᠷᠠᠵᠤ᠂ ᠵᠢᠭᠠᠨ ᠵᠢᠯᠣᠭᠤᠳᠴᠤ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠣᠰ ᠤᠳᠠᠭᠠᠨ ᠤ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠵᠢᠯᠣᠭᠤᠳᠬᠤ ᠥᠷᠲᠡᠭᠡ ᠪᠠᠶᠢᠭᠤᠯᠤᠭᠳᠠᠭᠰᠠᠨ ᠨᠢ ᠤᠷᠠᠳ ᠤᠨ ᠡᠮᠦᠨᠡᠲᠦ ᠬᠤᠰᠢᠭᠤᠨ ᠤ ᠬᠤᠤᠷ ᠴᠠᠭᠠᠵᠠᠯᠠᠬᠤ ᠠᠵᠢᠯ ᠰᠢᠨ᠎ᠡ ᠠᠬᠢᠴᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠬᠤᠤᠷ ᠴᠠᠭᠠᠵᠠᠯᠠᠬᠤ ᠶᠡᠭᠡ ᠠᠩᠭᠢ ᠶᠢᠨ ᠬᠢᠨ ᠤᠬᠠᠮᠰᠠᠷ ᠠᠴᠠ ᠪᠠᠨ ᠬᠤᠤᠷ ᠲᠠᠲᠠᠬᠤ ᠶᠢ ᠵᠣᠭᠰᠣᠭᠠᠬᠤ ᠠᠵᠢᠯ ᠢ ᠬᠤᠤᠷᠲᠤ ᠡᠳ᠋ ᠢ ᠵᠠᠰᠠᠬᠤ ᠰᠢᠰᠲ᠋ᠧᠮ᠂ ᠬᠤᠤᠷ ᠴᠠᠭᠠᠵᠠᠯᠠᠬᠤ ᠠᠵᠢᠯ ᠤᠨ ᠶᠡᠭᠡ ᠲᠠᠯ᠎ᠠ ᠳᠤ ᠲᠠᠯᠪᠢᠵᠤ᠂ ᠨᠡᠶᠢᠭᠡᠮ ᠲᠣᠭᠤᠷᠢᠭ ᠤᠨ ᠥᠨᠳᠥᠷ ᠬᠢᠷᠢ ᠲᠦᠪᠰᠢᠨ ᠪᠥᠬᠦᠶ ᠬᠤᠤᠷ ᠲᠠᠲᠠᠬᠤ ᠶᠢ ᠵᠣᠭᠰᠣᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ