ᠤᠷᠠᠳ ᠤᠨ ᠡᠮᠦᠨᠡᠲᠦ ᠬᠤᠰᠢᠭᠤ 20 ᠲᠦᠮᠡᠨ ᠮᠥ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠬᠦᠨ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/4/22
    2024 ᠣᠨ ᠳᠤ᠂ ᠤᠷᠠᠳ ᠤᠨ ᠡᠮᠦᠨᠡᠲᠦ ᠬᠤᠰᠢᠭᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠ ᠪᠣᠬᠢᠷᠲᠤᠯ ᠥᠬᠡᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠠᠷᠢᠯᠢᠭ ᠣᠨᠣᠴᠠᠲᠠᠶ ᠪᠠᠷ ᠬᠡᠷᠡᠭᠯᠡᠬᠦ ᠰᠢᠰᠲ᠋ᠧᠮ ᠢᠶᠠᠷ ᠰᠠᠭᠤᠷᠢ ᠪᠣᠯᠭᠠᠨ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠶ ᠪᠠᠷ ᠳᠣᠭᠢᠷᠠᠭᠤᠯᠤᠨ ᠡᠵᠡᠮᠳᠡᠬᠦ ᠮᠡᠷᠭᠡᠵᠢᠯ ᠤᠨ ᠵᠠᠭᠪᠤᠷ ᠢᠶᠠᠷ ᠲᠤᠯᠭᠠᠭᠤᠷᠢᠯᠠᠭᠰᠠᠨ ᠤᠨᠠᠯᠲᠠ ᠶᠢ ᠳᠡᠭᠡᠭᠰᠢᠯᠡᠭᠦᠯᠬᠦ ᠰᠢᠰᠲ᠋ᠧᠮ ᠢ ᠬᠦᠴᠦᠯᠡᠨ ᠪᠠᠶᠢᠭᠤᠯᠵᠤ᠂ ︽ᠭᠤᠷᠪᠠᠨ ᠲᠠᠷᠢᠶ᠎ᠠ ᠬᠤᠶᠠᠷ ᠣᠷᠣᠨ ᠲᠦᠷᠪᠡᠨ ᠲᠤᠯᠭᠠᠭᠤᠷᠢᠯᠠᠯ ︾ ᠤᠨ ᠲᠣᠭᠤᠷᠢᠨ ᠳᠤ᠂ ︽ᠶᠢᠰᠦᠨ ᠪᠠᠶᠢᠬᠤ︾  ᠶᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠡᠷᠳᠡᠨᠢ ᠰᠢᠰᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠲᠡᠩᠴᠡᠭᠦᠷᠢᠲᠡᠢ ᠨᠡᠮᠡᠭᠳᠡᠭᠦᠯᠬᠦ ᠶᠢ ᠠᠬᠢᠭᠤᠯᠪᠠ ᠃    ᠣᠳᠣᠬᠠᠨ ᠳᠤ᠂ ᠪᠥᠬᠦ ᠬᠤᠰᠢᠭᠤᠨ ᠤ 20 ᠲᠦᠮᠡᠨ ᠮᠦ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠵᠤ᠂ ᠨᠡᠶᠢᠲᠡ 10 ᠰᠤᠮᠤ ᠪᠠᠯᠭᠠᠰᠤ ᠶᠢᠨ 14 ᠲᠣᠰᠬᠤᠨ ᠳᠤ ᠬᠤᠯᠪᠣᠭᠳᠠᠨ᠎ᠠ᠃ ᠡᠭᠦᠨ ᠳᠤ᠂ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠲᠠᠪᠴᠠᠩ ᠪᠣᠯᠭᠠᠵᠤ᠂ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠬᠤᠷᠠᠮᠠᠯ ᠭᠤᠣᠯ ᠣᠷᠣᠨ ᠢ 3 ᠲᠦᠮᠡᠨ ᠮᠦ ᠲᠥᠪᠯᠡᠷᠡᠭᠦᠯᠦᠨ ᠪᠠᠶᠢᠭᠤᠯᠵᠤ᠂ ᠨᠢᠭᠲᠠᠴᠠ ᠶᠢ ᠮᠦ ᠪᠦᠷᠢ ᠳᠤ ᠳᠤᠮᠳᠠᠴᠢ ᠪᠠᠷ 6000 ︱ 7000 ᠰᠠᠭᠤᠷᠢ ᠣᠷᠴᠢᠮ ᠬᠢᠵᠠᠭᠠᠷᠯᠠᠵᠤ᠂ ᠮᠦ ᠪᠦᠷᠢ ᠶᠢᠨ ᠤᠨᠠᠯᠲᠠ ᠶᠢ 150 ᠺᠢᠯᠣᠭ᠍ᠷᠠᠮ  ᠴᠠ ᠳᠡᠭᠡᠭᠰᠢ ᠨᠡᠮᠡᠭᠳᠡᠭᠦᠯᠦᠨ᠎ᠡ᠃ ᠡᠷᠳᠡᠨᠢ ᠰᠢᠰᠢ ᠳᠠᠷᠢᠬᠤ ᠳᠠᠪᠠᠭᠤᠯᠢᠭ ᠣᠷᠣᠨ ᠪᠠ ᠢᠵᠢ ᠪᠦᠷᠢᠳᠦᠭᠦᠯᠦᠭᠰᠡᠨ ᠤᠰᠤ ᠪᠣᠷᠳᠣᠭᠤᠷ ᠢ ᠨᠢᠭᠡ ᠴᠣᠭᠴᠠᠵᠢᠭᠤᠯᠵᠤ ᠪᠣᠯᠬᠤ ᠪᠠᠯᠭᠠᠰᠤ ᠲᠣᠰᠬᠤᠨ ᠳᠤ ᠰᠠᠭᠤᠷᠢᠯᠠᠨ ︽ᠡᠷᠳᠡᠨᠢ ᠰᠢᠰᠢ ᠶᠢ ᠨᠢᠭᠲᠠ ᠳᠠᠷᠢᠵᠤ᠂ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠵᠦ᠂ ᠥᠨᠳᠥᠷ ᠤᠨᠠᠯᠲᠠ ᠶᠢ ᠡᠵᠡᠮᠳᠡᠬᠦ ᠮᠡᠷᠭᠡᠵᠢᠯ︾ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠭᠤᠣᠯᠳᠠᠯᠭ᠎ᠠ ᠲᠠᠢ ᠠᠬᠢᠭᠤᠯᠵᠤ᠂ 17 ᠲᠦᠮᠡᠨ ᠮᠦ ᠶᠢᠨ ᠵᠢᠱᠢᠶ᠎ᠡ ᠦᠵᠡᠭᠦᠯᠬᠦ ᠲᠠᠯᠠᠪᠠᠶ ᠶᠢ ᠪᠦᠲᠦᠭᠡᠨ ᠪᠠᠶᠢᠭᠤᠯᠵᠤ᠂ ᠨᠢᠭᠲᠠᠴᠠ ᠶᠢ ᠮᠦ ᠳᠤ ᠳᠤᠮᠳᠠᠴᠢ ᠪᠠᠷ 5000 ︱ 6000 ᠰᠠᠭᠤᠷᠢ ᠣᠷᠴᠢᠮ ᠬᠢᠵᠠᠭᠠᠷᠯᠠᠵᠤ᠂ ᠮᠦ ᠶᠢᠨ ᠤᠨᠠᠯᠲᠠ ᠶᠢ 100 ᠺᠢᠯᠣᠭ᠍ᠷᠠᠮ ᠨᠡᠮᠡᠭᠳᠡᠭᠦᠯᠦᠨ᠎ᠡ᠃     ᠡᠭᠦᠨ ᠤ ᠬᠠᠮᠲᠤ᠂ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠳᠥᠷᠪᠡᠨ ᠱᠠᠲᠤ ᠬᠤᠯᠪᠣᠭᠠᠯᠠᠨ ᠰᠢᠨ᠎ᠡ ᠶᠢ ᠡᠭᠦᠳᠬᠦ ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠵᠡᠷᠭᠡ ᠲᠤᠰᠬᠠᠢ ᠮᠡᠷᠭᠡᠵᠢᠯᠲᠡᠨ ᠤ ᠪᠦᠯᠬᠦᠮ ᠤᠨ ᠮᠡᠷᠭᠡᠵᠢᠯ ᠤᠨ ᠲᠤᠯᠭᠠᠭᠤᠷᠢᠯᠠᠯ ᠳᠤ ᠲᠦᠰᠢᠭᠯᠡᠨ᠂ ︽   ᠲᠡᠷᠢᠬᠦᠨ ᠤ ᠲᠤᠰᠬᠠᠢ ᠮᠡᠷᠭᠡᠵᠢᠯᠲᠡᠨ + ᠮᠡᠷᠭᠡᠵᠢᠯ ᠤᠨ ᠭᠤᠣᠯᠯᠠᠭᠴᠢ + ᠲᠠᠷᠢᠶᠠᠯᠠᠩ ᠤᠨ ᠮᠡᠷᠭᠡᠵᠢᠯ ᠤᠨ ᠵᠢᠭᠠᠨ ᠵᠢᠯᠣᠭᠤᠳᠤᠭᠴᠢ + ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ + ᠳᠠᠶᠢᠴᠢᠯᠠᠬᠤ ᠡᠷᠦᠬᠡ︾ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠠᠮ ᠢ ᠪᠤᠶ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠳᠡᠯᠭᠡᠷᠡᠭᠦᠯᠬᠦ ᠰᠢᠰᠲ᠋ᠧᠮ ᠤᠨ ᠡᠩᠨᠡᠭᠡ ᠶᠢᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠷᠳᠡᠨᠢ ᠰᠢᠰᠢ ᠶᠢᠨ ᠥᠨᠳᠥᠷ ᠤᠨᠠᠯᠲᠠ ᠶᠢᠨ ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠠᠬᠢᠭᠤᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ