ᠡᠷᠳᠡᠨᠢᠪᠤᠯᠠᠭ ᠰᠤᠮᠤ ︽ᠨᠠᠮ ᠤᠨ ᠪᠠᠶᠢᠭᠤᠯᠤᠯᠲᠠ + ᠨᠡᠶᠢᠭᠡᠮ ᠤᠨ ᠠᠪᠤᠷᠠᠨ ᠲᠤᠰᠠᠯᠠᠬᠤ︾ ᠵᠠᠭᠪᠤᠷ ᠢ ᠪᠥᠬᠦ ᠲᠠᠯ᠎ᠠ ᠪᠠᠷ ᠠᠬᠢᠭᠤᠯᠵᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ  ᠰᠠᠬᠢᠪᠠ
ᠨᠡᠶᠢᠲᠡᠯᠡᠭᠰᠡᠨ ᠴᠠᠭ᠄
2024/4/23
    ᠣᠷᠠᠳ ᠤᠨ ᠡᠮᠦᠨᠡᠲᠤ ᠬᠤᠰᠢᠭᠤᠨ ᠤ ᠡᠷᠳᠡᠨᠢᠪᠤᠯᠠᠭ ᠰᠤᠮᠤ ᠰᠦᠯᠵᠢᠶᠡᠨ ᠤ ᠬᠡᠯᠪᠡᠷᠢ ᠶᠢᠨ ᠦᠢᠯᠡᠴᠢᠯᠡᠭᠡ ᠪᠠᠷ ᠰᠠᠭᠤᠷᠢ ᠪᠣᠯᠭᠠᠵᠤ᠂ ︽ᠨᠠᠮ ᠤᠨ ᠪᠠᠶᠢᠭᠤᠯᠤᠯᠲᠠ + ᠨᠡᠶᠢᠭᠡᠮ ᠤᠨ ᠠᠪᠤᠷᠠᠨ ᠲᠤᠰᠠᠯᠠᠬᠤ︾᠂ ︽ᠨᠠᠷᠢᠯᠢᠭ ᠣᠨᠣᠴᠠᠲᠠᠶ +  ᠣᠶᠣᠨᠴᠢ︾  ᠠᠪᠤᠷᠠᠨ ᠲᠤᠰᠠᠯᠠᠬᠤ ᠵᠠᠭᠪᠤᠷ ᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠤᠷ ᠢ ᠨᠢᠭᠲᠠ ᠪᠥᠭᠡᠳ ᠪᠠᠲᠤ ᠪᠠᠬᠢ ᠪᠣᠯᠭᠠᠨ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃    2023 ᠣᠨ ᠠᠴᠠ ᠨᠠᠰᠢ᠂ ᠰᠠᠶᠢᠯᠤᠩᠬᠤᠸᠠᠷ᠂ ᠣᠳᠬᠠᠨᠰᠠᠸ᠎ᠠ ᠬᠤᠶᠠᠷ ᠨᠠᠰᠤ ᠠᠬᠢᠬᠤ ᠶᠢ ᠳᠠᠭᠠᠯᠳᠣᠨ ᠡᠪᠡᠳᠴᠢᠨ ᠡᠮᠬᠡᠭ ᠣᠯᠠᠰᠢᠷᠠᠭᠰᠠᠨ ᠮᠦᠷᠲᠡᠭᠡᠨ ᠠᠵᠤ ᠠᠬᠤᠢ ᠶᠢᠨ ᠢᠷᠡᠯᠲᠡ ᠦᠭᠡᠢ ᠣᠴᠢᠷ ᠠᠴᠠ ᠠᠮᠢᠳᠤᠷᠠᠯ ᠨᠢ ᠮᠠᠰᠢ ᠶᠡᠭᠡ ᠬᠦᠴᠢᠷᠳᠡᠯ ᠳᠤ ᠲᠤᠯᠭᠠᠷᠠᠪᠠ᠃ ᠡᠨᠡᠬᠦ ᠪᠠᠶᠢᠳᠠᠯ ᠢ ᠰᠣᠮᠣᠨ  ᠤ ᠠᠷᠠᠳ ᠤᠨ ᠶᠠᠪᠤᠳᠠᠯ ᠤᠨ ᠠᠵᠢᠯᠲᠠᠳ ᠮᠡᠳᠡᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠭᠠᠴᠠᠭᠠᠨ ᠤ ᠨᠠᠮ ᠤᠨ ᠡᠭᠦᠷ ᠤᠨ ᠪᠦᠷᠢᠯᠳᠦᠬᠦᠨ ᠲᠠᠢ ᠡᠷᠦᠬᠡ ᠳᠤ ᠣᠷᠣᠵᠤ ᠭᠡᠷ ᠪᠦᠯᠢ ᠶᠢᠨ ᠠᠵᠤ ᠠᠬᠤᠶ ᠶᠢᠨ ᠣᠷᠣᠯᠭ᠎ᠠ ᠶᠢ ᠬᠢᠨᠠᠨ ᠬᠠᠷᠭᠤᠭᠤᠯᠬᠤ ᠶᠢᠨ ᠬᠠᠮᠲᠤ ᠲᠡᠳᠡᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢ ᠴᠠᠭ ᠲᠤᠬᠠᠶ ᠳᠤᠨᠢ ᠭᠦᠢᠴᠡᠳᠬᠡᠵᠦ ᠥᠭᠪᠡ᠃        ᠬᠤᠶᠠᠷ ᠮᠠᠯᠴᠢᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠢᠴᠡᠳᠭᠡᠭᠰᠡᠨ ᠶᠠᠪᠣᠳᠠᠯ ᠨᠢ  ᠰᠣᠮᠣᠨ ᠠᠴᠠ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠬᠦᠴᠢᠷ ᠢ ᠲᠤᠭᠤᠯᠤᠭᠰᠠᠨ ᠶᠠᠪᠣᠳᠠᠯ ᠪᠠᠶᠢᠬᠤ ᠪᠠᠷ ᠪᠠᠷᠠᠬᠤ ᠦᠭᠡᠢ ᠪᠠᠰᠠ ᠰᠤᠮᠤ ᠶᠢᠨ ︽ᠨᠠᠮ ᠤᠨ ᠪᠠᠶᠢᠭᠤᠯᠤᠯᠲᠠ + ᠨᠡᠶᠢᠭᠡᠮ ᠤᠨ ᠠᠪᠤᠷᠠᠨ ᠲᠤᠰᠠᠯᠠᠬᠤ︾ ᠠᠵᠢᠯ ᠢ ᠳᠥᠯᠭᠢᠨ ᠠᠬᠢᠭᠤᠯᠵᠤ  ᠢᠯᠡᠳᠲᠡ ᠦᠷ᠎ᠡ ᠪᠦᠲᠦᠮᠵᠢ ᠣᠯᠣᠭᠰᠠᠨ ᠢ ᠬᠠᠷᠠᠭᠤᠯᠪᠠ᠃  ᠬᠤᠶᠢᠰᠢᠳᠠ᠂ ᠡᠷᠳᠡᠨᠢᠪᠤᠯᠠᠭ ᠰᠤᠮᠤ ᠨᠠᠮ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠲᠠᠢ ᠭᠦᠨᠵᠡᠭᠡᠶ ᠠᠭᠤᠰᠤᠯᠴᠠᠭᠤᠯᠤᠨ᠂ ᠨᠢᠭᠡ ᠴᠤᠭᠴᠠᠵᠢᠭᠤᠯᠤᠨ ᠠᠬᠢᠭᠤᠯᠵᠤ᠂ ᠰᠤᠮᠤᠨ ᠤ ᠡᠯ᠎ᠡ ᠭᠠᠴᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠣᠨ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠦᠨᠡᠨ ᠬᠦ ᠪᠡᠶᠡᠯᠡᠭᠦᠯᠦᠨ᠎ᠡ᠃     
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ