ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/23
    ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ 20 ᠭᠠᠷᠤᠶ ᠡᠮᠨᠡᠯᠭᠡ ᠶᠢᠨ ᠠᠵᠢᠯᠲᠠᠨ ᠤᠷᠠᠳ ᠤᠨ ᠡᠮᠦᠨᠡᠲᠦ ᠬᠤᠰᠢᠭᠤᠨ ᠤ ᠨᠠᠰᠤᠲᠠᠶᠢᠴᠤᠳ ᠤᠨ ᠶᠡᠷᠦᠩᠬᠡᠶᠢᠯᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ 

义诊1.webp.jpg

    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠴᠢᠯᠡᠭᠡᠨ ᠤ ᠠᠵᠢᠯᠲᠠᠳ ᠨᠠᠰᠤᠲᠠᠶᠢᠴᠤᠳ ᠤᠨ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠬᠦ᠂

ᠵᠢᠷᠦᠬᠡᠨ ᠤ ᠯᠤᠭᠰᠢᠯᠲᠠ ᠶᠢᠨ ᠵᠢᠷᠤᠭ ᠬᠢᠬᠦ ᠵᠡᠷᠭᠡ ᠪᠥᠬᠦ ᠲᠠᠯ᠎ᠠ ᠶᠢᠨ ᠨᠠᠷᠢᠨ ᠨᠢᠮᠪᠠᠶ ᠪᠡᠶ᠎ᠡ ᠶᠢᠨ ᠪᠠᠶᠢᠴᠠᠭᠠᠯᠲᠠ ᠬᠢᠵᠦ᠂ ᠨᠠᠰᠤᠲᠠᠶᠢᠴᠤᠳ ᠨᠢᠭᠡᠪᠦᠷᠢ ᠶᠢᠨ

ᠠᠮᠢᠳᠤᠷᠠᠯ᠂ ᠪᠡᠶ᠎ᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ  ᠦᠢᠯᠡᠴᠢᠯᠡᠭᠡᠨ ᠤ ᠲᠡᠮᠳᠡᠭᠯᠡᠯ ᠢ ᠰᠠᠶᠢᠲᠤᠷ ᠬᠢᠵᠦ᠂ ᠲᠡᠮᠳᠡᠭᠯᠡᠯ ᠢ ᠨᠠᠰᠤᠲᠠᠨ

ᠠᠰᠠᠷᠠᠬᠤ ᠬᠦᠷᠢᠶᠡᠯᠡᠩ ᠤᠨ ᠠᠵᠢᠯᠲᠠᠳ ᠲᠤ ᠬᠠᠷᠢᠭᠤ ᠲᠤᠰᠬᠠᠵᠤ᠂ ᠨᠠᠰᠤᠲᠠᠨ ᠤ ᠬᠤᠵᠢᠮ ᠤᠨ ᠰᠤᠪᠢᠯᠠᠯᠲᠠ ᠳᠤ ᠰᠢᠨᠵᠢᠯᠡᠬᠦ ᠤᠬᠠᠭᠠᠨᠴᠢ

ᠵᠢᠯᠣᠭᠤᠳᠣᠯᠭ᠎ᠠ ᠬᠠᠩᠭᠠᠪᠠ᠃ 

    ︽ᠪᠡᠶ᠎ᠡ ᠮᠠᠬᠠᠪᠣᠳ ᠪᠠᠶᠢᠴᠠᠭᠠᠵᠤ ᠪᠠᠶᠢᠭ᠎ᠠ ᠨᠢ ᠦᠨᠡᠬᠡᠷ ᠨᠠᠰᠤᠲᠠᠶᠢᠴᠤᠳ ᠲᠤ ᠰᠠᠶᠢᠨ ᠶᠠᠪᠤᠳᠠᠯ ᠬᠢᠵᠦ ᠥᠭᠴᠦ ᠪᠠᠶᠢᠨ᠎ᠠ᠂  ᠡᠨᠡ ᠬᠦ ᠨᠠᠰᠤᠲᠠᠨ ᠢ

ᠠᠰᠠᠷᠠᠬᠤ ᠬᠦᠷᠢᠶᠡᠯᠡᠩ ᠤᠨ ᠠᠮᠢᠳᠤᠷᠠᠯ ᠨᠡᠯᠢᠶᠡᠳ ᠰᠠᠨᠠᠭᠠᠨ ᠳᠤ ᠲᠠᠪᠠᠲᠠᠢ ᠪᠠᠶᠢᠨ᠎ᠠ᠂ ᠡᠮᠨᠡᠯᠭᠡ ᠶᠢᠨ ᠠᠵᠢᠯᠲᠠᠳ ᠤᠨ ᠨᠠᠰᠤᠲᠠᠶᠢᠴᠤᠳ ᠢ ᠬᠠᠯᠠᠮᠵᠢᠯᠠᠵᠤ

ᠪᠠᠶᠢᠭ᠎ᠠ ᠳᠤ ᠲᠠᠯᠠᠷᠬᠠᠵᠤ ᠪᠠᠶᠢᠨ᠎ᠠ︾ ᠭᠡᠵᠦ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠨ ᠶᠠᠩ ᠯᠠᠶ ᠹᠦ᠋ ᠬᠡᠯᠡᠪᠡ᠃ 

义诊2.webp.jpg

    ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠨᠠᠰᠤᠲᠠᠶᠢᠴᠤᠳ ᠲᠤ ᠬᠠᠶᠢᠷ᠎ᠠ ᠬᠠᠯᠠᠮᠵᠢ ᠪᠠ ᠰᠢᠯᠢᠳᠡᠭ ᠡᠮᠴᠢᠯᠡᠭᠡᠨ ᠤ

ᠦᠢᠯᠡᠴᠢᠯᠡᠭᠡ ᠬᠦᠷᠭᠡᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂

ᠥᠲᠡᠯᠪᠡᠯ ᠬᠦᠷᠳᠡᠬᠦ ᠠᠰᠠᠷᠠᠮᠵᠢ ᠲᠠᠢ᠂ ᠥᠲᠡᠯᠪᠡᠯ ᠬᠦᠷᠳᠡᠬᠦ ᠲᠦᠰᠢᠭ ᠲᠠᠢ ᠪᠠᠶᠢᠬᠤ ᠶᠢ ᠤᠢᠢᠯᠠᠭᠠᠭᠤᠯᠪᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ