43 ᠳ᠋ᠤᠭᠠᠷ ᠬᠤᠭᠤᠴᠠᠭᠠᠨ ᠤ ︽ᠰᠢᠪᠠᠭᠤ ᠶᠢ ᠬᠠᠶᠢᠷᠠᠯᠠᠬᠤ ᠭᠠᠷᠠᠭ︾ ᠡᠬᠢᠯᠡᠪᠡ
ᠨᠡᠶᠢᠲᠡᠯᠡᠭᠰᠡᠨ ᠴᠠᠭ᠄
2024/4/23
      4 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 43 ᠳ᠋ᠤᠭᠠᠷ ᠬᠤᠭᠤᠴᠠᠭᠠᠨ ᠤ ︽ᠰᠢᠪᠠᠭᠤ ᠶᠢ ᠬᠠᠶᠢᠷᠠᠯᠠᠬᠤ ᠭᠠᠷᠠᠭ︾ ᠤᠨ ᠡᠬᠢᠯᠡᠯᠲᠡ ᠶᠢᠨ ᠶᠣᠰᠣᠯᠠᠯ ᠤᠯᠠᠭᠠᠨᠰᠤᠬᠠᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠬᠢᠯᠡᠪᠡ᠃ ᠡᠨᠡ ᠵᠢᠯ ᠤᠨ ︽ᠰᠢᠪᠠᠭᠤ ᠶᠢ ᠬᠠᠶᠢᠷᠠᠯᠠᠬᠤ ᠭᠠᠷᠠᠭ︾ ᠤᠨ ᠠᠵᠢᠯᠯᠠᠭ᠎ᠠ ᠨᠢ ︽ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠨᠡᠭᠦᠳᠡᠯ ᠤᠨ ᠰᠢᠪᠠᠭᠤ ᠶᠢ ᠬᠠᠮᠠᠭᠠᠯᠠᠨ ᠨᠢᠰᠬᠡᠬᠦ︾ ᠪᠠᠷ ᠭᠤᠤᠯ ᠰᠡᠳᠦᠪ ᠪᠣᠯᠭᠠᠵᠤ᠂ ᠠᠵᠢᠯᠯᠠᠭ᠎ᠠ ᠳᠤ ᠥᠷᠭᠡᠨ ᠣᠯᠠᠨ ᠲᠦᠮᠡᠨ ᠳᠤ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠪᠠ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠮᠡᠳᠡᠯᠭᠡ ᠶᠢ ᠤᠬᠠᠭᠤᠯᠬᠤ ᠶᠢᠨ ᠬᠠᠮᠲᠤ᠂ ᠬᠥᠮᠦᠰ ᠤᠨ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠣᠷᠣᠰᠢᠨ ᠠᠮᠢᠳᠤᠷᠠᠬᠤ ᠣᠷᠣᠨ ᠵᠠᠶ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠨᠡᠶᠢᠭᠡᠮ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠨ᠎ᠠ᠃ 

43届爱鸟周1.webp.jpg

      ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ

ᠤᠷᠠᠳ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠬᠤᠰᠢᠭᠤ ᠬᠤᠶᠠᠷ

ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠢᠴᠢ ᠥᠪᠥᠷ ᠮᠣᠩᠭᠤᠯ ᠤᠨ ᠤᠯᠠᠭᠠᠨᠰᠤᠬᠠᠢ ᠠᠵᠤ ᠦᠢᠯᠡᠰ ᠤᠨ ᠬᠥᠭᠵᠢᠯᠲᠡ ᠶᠢᠨ

ᠬᠢᠵᠠᠭᠠᠷᠲᠤ ᠺᠣᠮᠫᠠᠨᠢ᠂ ᠯᠢᠨ ᠾᠧ ᠲᠣᠭᠤᠷᠢᠭ ᠤᠨ ᠬᠤᠶ ᠹᠧᠩ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠵᠡᠷᠭᠡ 200 ᠰᠢᠬᠠᠮ

ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ 

     ᠡᠬᠢᠯᠡᠯᠲᠡ ᠶᠢᠨ ᠶᠣᠰᠣᠯᠠᠯ ᠳᠡᠭᠡᠷ᠎ᠡ᠂ ᠪᠠᠶᠠᠨᠨᠠᠭᠤᠷ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠪᠣᠯᠤᠨ ᠨᠤᠭᠤ ᠭᠠᠵᠠᠷ ᠢ ᠬᠠᠮᠠᠭᠠᠯᠠᠬᠤ

ᠨᠡᠶᠢᠭᠡᠮᠯᠢᠭ ᠠᠴᠠ ᠭᠡᠰᠢᠭᠦᠨ ᠨᠢᠭᠡᠴᠢ ᠳᠤ ᠰᠢᠪᠠᠭᠤ ᠶᠢ ᠬᠠᠶᠢᠷᠠᠯᠠᠵᠤ ᠰᠢᠪᠠᠭᠤ ᠶᠢ ᠬᠠᠮᠠᠭᠠᠯᠠᠬᠤ ᠬᠠᠶᠢᠷ᠎ᠠ ᠬᠠᠯᠠᠮᠵᠢᠲᠤ ᠠᠵᠤ ᠠᠬᠤᠶᠢᠯᠠᠯ ᠤᠨ ᠢᠷᠠᠭᠤ

ᠠᠯᠳᠠᠷ ᠤᠨ ᠫᠠᠶᠢᠰᠠ ᠣᠯᠭᠤᠵᠤ᠂ ᠶᠡᠭᠡ ᠰᠢᠭᠡᠲᠡᠢ ᠰᠤᠷᠭᠠᠭᠤᠯᠢ ᠵᠢᠴᠢ ᠤᠯᠠᠭᠠᠨᠰᠤᠬᠠᠢ ᠪᠠᠭ᠎ᠠ ᠰᠤᠷᠭᠠᠭᠤᠯᠢ ᠳᠤ ᠪᠠᠶᠢᠭᠠᠯᠢ ᠶᠢᠨ ᠰᠤᠷᠭᠠᠨ ᠬᠥᠮᠦᠵᠢᠯ ᠤᠨ

ᠵᠢᠭᠠᠨ ᠰᠤᠷᠭᠠᠯᠲᠠ ᠶᠢᠨ ᠬᠢᠴᠢᠶᠡᠯ ᠤᠨ ᠫᠠᠶᠢᠰᠠ ᠣᠯᠭᠤᠭᠰᠠᠨ ᠪᠥᠭᠡᠳ ᠲᠤᠬᠠᠶ ᠶᠢᠨ ᠲᠠᠯᠠᠪᠠᠶ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠩᠰᠢᠬᠤ

ᠪᠢᠴᠢᠭ ᠬᠦᠷᠭᠡᠵᠦ᠂ ᠰᠤᠷᠤᠭᠴᠢᠳ ᠤᠨ ᠲᠥᠯᠥᠭᠡᠯᠡᠭᠴᠢ ︽ᠰᠢᠪᠠᠭᠤ ᠶᠢ ᠬᠠᠶᠢᠷᠠᠯᠠᠬᠤ ᠭᠠᠷᠠᠭ ᠤᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ

ᠨᠡᠶᠢᠲᠡᠯᠡᠪᠡ᠃ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠨᠠᠷ ᠡᠬᠢᠯᠡᠯᠲᠡ ᠶᠢᠨ ᠪᠥᠮᠪᠦᠭᠡ ᠶᠢ ᠬᠠᠮᠲᠤ ᠪᠠᠷ ᠳᠠᠷᠤᠭᠰᠠᠨ ᠨᠢ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ 43 ᠳ᠋ᠤᠭᠠᠷ ᠬᠤᠭᠤᠴᠠᠭᠠᠨ ᠤ ︽ᠰᠢᠪᠠᠭᠤ ᠶᠢ ᠬᠠᠶᠢᠷᠠᠯᠠᠬᠤ ᠭᠠᠷᠠᠭ︾ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ

ᠬᠠᠷᠠᠭᠤᠯᠵᠤ ᠪᠠᠶᠢᠨ᠎ᠠ᠃ 

43届爱鸟周2.webp.jpg

     ︽ᠣᠶᠢᠷ᠎ᠠ ᠶᠢᠨ ᠵᠢᠯ ᠤᠨ ᠦᠷᠭᠦᠯᠵᠢᠯᠡᠭᠰᠡᠨ ᠬᠢᠨᠠᠨ ᠬᠡᠮᠵᠢᠯᠲᠡ ᠪᠠᠷ ᠳᠡᠮᠵᠢᠨ᠂ ᠮᠠᠨ ᠤ ᠤᠯᠠᠭᠠᠨᠰᠤᠬᠠᠢ ᠶᠢᠨ ᠤᠯᠤᠰ ᠤᠨ ᠴᠢᠬᠤᠯᠠ ᠨᠤᠭᠤ

ᠭᠠᠵᠠᠷ ᠲᠤ ᠨᠡᠶᠢᠲᠡ 268  ᠵᠦᠢᠯ ᠤᠨ ᠰᠢᠪᠠᠭᠤᠨ ᠤ ᠲᠥᠷᠥᠯ ᠢ ᠲᠡᠮᠳᠡᠭᠯᠡᠪᠡ᠂ ᠡᠭᠦᠨ ᠳᠤ ᠤᠯᠤᠰ ᠤᠨ ᠴᠢᠬᠤᠯᠠ ᠬᠠᠮᠠᠭᠠᠯᠠᠯᠲᠠ ᠶᠢᠨ ᠰᠢᠪᠠᠭᠤᠨ ᠤ

ᠲᠥᠷᠥᠯ 61  ᠵᠦᠢᠯ᠂ ᠨᠢᠭᠡᠳᠦᠭᠡᠷ ᠳᠡᠰ ᠲᠤ 15  ᠵᠦᠢᠯ᠂ ᠬᠤᠶᠠᠳᠤᠭᠠᠷ ᠳᠡᠰ ᠲᠤ 46 ᠵᠦᠢᠯ ᠪᠣᠶ᠃ ᠥᠨᠥᠳᠦᠷ ᠪᠢᠳᠡ ᠤᠯᠠᠭᠠᠨᠰᠤᠬᠠᠢ ᠶᠢᠨ

ᠤᠯᠤᠰ ᠤᠨ ᠴᠢᠬᠤᠯᠠ ᠨᠤᠭᠤ ᠭᠠᠵᠠᠷ ᠲᠤ ᠪᠥᠬᠦ ᠣᠷᠣᠨ ᠤ ᠰᠢᠪᠠᠭᠤ ᠶᠢ ᠬᠠᠶᠢᠷᠠᠯᠠᠬᠤ ᠭᠠᠷᠠᠭ ᠤᠨ ᠡᠬᠢᠯᠡᠯᠲᠡ ᠶᠢᠨ ᠶᠣᠰᠣᠯᠠᠯ ᠡᠷᠭᠢᠯᠡᠵᠦ ᠪᠠᠶᠢᠭ᠎ᠠ ᠶᠢᠨ

ᠭᠤᠤᠯ ᠵᠣᠷᠢᠯᠭ᠎ᠠ ᠪᠣᠯ ᠪᠥᠬᠦ ᠨᠡᠶᠢᠭᠡᠮ ᠢᠶᠠᠷ ᠢᠶᠠᠨ ᠰᠢᠪᠠᠭᠤ ᠶᠢ ᠠᠩᠬᠠᠷᠴᠤ ᠪᠠᠶᠢᠭ᠎ᠠ ᠪᠠᠶᠢᠳᠠᠯ ᠢ ᠳᠠᠶᠢᠴᠢᠯᠠᠵᠤ᠂ ᠬᠥᠮᠦᠰ ᠲᠤ ᠰᠢᠪᠠᠭᠤ ᠶᠢ ᠬᠠᠮᠠᠭᠠᠯᠠᠬᠤ

ᠪᠣᠯ ᠳᠠᠷᠤᠶ ᠮᠠᠨ ᠤ ᠬᠥᠮᠦᠨ ᠲᠥᠷᠥᠯᠬᠢᠲᠡᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠬᠠᠮᠠᠭᠠᠯᠠᠬᠤ ᠶᠠᠪᠤᠳᠠᠯ ᠮᠥᠨ᠂ ᠪᠠᠰᠠ ᠴᠤ ᠬᠥᠮᠦᠨ

ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠢ ᠪᠡᠶᠡᠯᠡᠭᠦᠯᠬᠦ ᠶᠢᠨ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠨᠠᠩ ᠭᠦᠨᠵᠡᠭᠡᠶ ᠲᠠᠨᠢᠭᠤᠯᠬᠤ ᠶᠢᠨ

ᠲᠥᠯᠥᠭᠡ ᠶᠤᠮ᠂ ᠠᠳᠡ ᠪᠢᠳᠡ ᠪᠠᠰᠠ ᠪᠥᠬᠦ ᠨᠡᠶᠢᠭᠡᠮ ᠢᠶᠠᠷ ᠢᠶᠠᠨ ᠰᠢᠪᠠᠭᠤ ᠶᠢ ᠠᠩᠬᠠᠷᠴᠤ᠂ ᠰᠢᠪᠠᠭᠤ ᠶᠢ ᠬᠠᠶᠢᠷᠠᠯᠠᠨ᠂ ᠰᠢᠪᠠᠭᠤ ᠶᠢᠨ ᠣᠷᠣᠰᠢᠨ

ᠠᠮᠢᠳᠤᠷᠠᠬᠤ ᠣᠷᠴᠢᠨ ᠨᠥᠬᠦᠴᠡᠯ ᠢ ᠬᠠᠮᠠᠭᠠᠯᠠᠬᠤ ᠶᠢ ᠤᠷᠢᠶᠠᠯᠠᠵᠤ ᠪᠠᠶᠢᠨ᠎ᠠ ︾ ᠭᠡᠵᠦ ᠪᠠᠶᠠᠨᠨᠠᠭᠤᠷ ᠬᠤᠲᠠ ᠶᠢᠨ ᠤᠷᠠᠳ ᠤᠨ ᠤᠯᠤᠰ ᠤᠨ ᠲᠠᠰ ᠤᠨ

ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠴᠧᠨ  ᠹᠧᠩ ᠬᠡᠯᠡᠪᠡ᠃ 

     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ

ᠦᠵᠡᠭᠦᠯᠭᠡ ᠶᠢᠨ ᠰᠠᠮᠪᠠᠷ᠎ᠠ ᠳᠡᠯᠭᠡᠬᠦ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠰᠢᠪᠠᠭᠤ ᠶᠢ ᠬᠠᠶᠢᠷᠠᠯᠠᠵᠤ ᠰᠢᠪᠠᠭᠤ ᠶᠢ ᠬᠠᠮᠠᠭᠠᠯᠠᠬᠤ

ᠣᠶᠢᠯᠠᠭᠠᠭᠳᠠᠬᠤᠨ ᠢ ᠤᠯᠠᠮᠵᠢᠯᠠᠵᠤ᠂ ᠣᠯᠠᠨ ᠨᠡᠶᠢᠲᠡ ᠶᠢᠨ ᠠᠮᠢ ᠠᠬᠤᠶ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠣᠯᠠᠨ ᠢ ᠬᠡᠭᠡᠷ᠎ᠡ ᠶᠢᠨ ᠠᠮᠢᠲᠠᠨ

ᠤᠷᠭᠤᠮᠠᠯ ᠢ ᠬᠠᠮᠠᠭᠠᠯᠠᠬᠤ ᠤᠬᠠᠭᠤᠯᠤᠭᠴᠢ᠂ ᠰᠠᠨᠠᠭᠠᠴᠢᠯᠠᠭᠴᠢ ᠪᠠ  ᠦᠢᠯᠡᠳᠦᠯᠭᠡᠵᠢᠭᠦᠯᠦᠭᠴᠢ ᠪᠣᠯᠬᠤ ᠶᠢ ᠵᠣᠷᠢᠭᠵᠢᠭᠤᠯᠪᠠ᠃

     ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂

ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ

ᠲᠣᠪᠴᠢᠶ᠎ᠠ ᠠᠴᠠ ᠭᠤᠤᠯᠯᠠᠨ ᠡᠷᠭᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤᠷᠭᠤᠮᠠᠯ ᠬᠢᠭᠡᠳ ᠨᠤᠭᠤ

ᠭᠠᠵᠠᠷ ᠢ ᠬᠠᠮᠠᠭᠠᠯᠠᠬᠤ ᠨᠡᠶᠢᠭᠡᠮᠯᠢᠭ᠂ ᠪᠠᠶᠠᠨᠨᠠᠭᠤᠷ ᠬᠤᠲᠠ ᠶᠢᠨ ᠤᠷᠠᠳ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ

ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ

ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠬᠢᠭᠡᠳ

ᠨᠤᠭᠤ ᠭᠠᠵᠠᠷ ᠢ ᠬᠠᠮᠠᠭᠠᠯᠠᠬᠤ ᠨᠡᠶᠢᠭᠡᠮᠯᠢᠭ᠂ ᠪᠠᠶᠠᠨᠨᠠᠭᠤᠷ ᠬᠤᠲᠠ ᠶᠢᠨ ᠤᠯᠠᠭᠠᠨᠰᠤᠬᠠᠢ ᠠᠵᠤ  ᠦᠢᠯᠡᠰ ᠤᠨ ᠺᠣᠮᠫᠠᠨᠢ ᠳᠠᠭᠠᠭᠠᠴᠢᠯᠠᠨ ᠡᠷᠭᠢᠯᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ