ᠮᠠᠨ ᠤ ᠣᠷᠣᠨ 6 ᠲᠠᠯ᠎ᠠ ᠪᠠᠷ ᠬᠦᠴᠦᠯᠡᠵᠦ ᠬᠥᠯᠥᠰᠥᠨ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠢᠢ ᠦᠨᠳᠦᠰᠦᠨ ᠠᠴᠠ ᠨᠢ ᠵᠠᠰᠠᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/23
    ᠡᠨᠡ ᠵᠢᠯ᠂ ᠪᠦᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠠᠯᠪᠠᠨ ᠭᠡᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠷᠢᠯᠳᠦᠬᠦᠨ ᠨᠢᠭᠡᠴᠢ ᠲᠠᠢ ᠬᠠᠮᠲᠤᠷᠠᠨ᠂ ︽ᠥᠷᠢᠲᠦᠭᠰᠡᠨ ᠢ ᠡᠬᠢ ᠡᠭᠦᠰᠦᠯ ᠠᠴᠠ ᠨᠢ ᠵᠠᠰᠠᠬᠤ᠂ ᠥᠷᠢᠲᠦᠭᠰᠡᠨ ᠢ ᠰᠢᠰᠲ᠋ᠧᠮ ᠲᠠᠢ ᠵᠠᠰᠠᠬᠤ᠂ ᠥᠷᠢᠲᠦᠭᠰᠡᠨ ᠢ ᠬᠠᠤᠯᠢ ᠶᠣᠰᠣᠭᠠᠷ ᠵᠠᠰᠠᠬᠤ᠂ ᠥᠷᠢᠲᠦᠭᠰᠡᠨ ᠢ ᠲᠣᠭᠠᠴᠢᠯᠠᠯᠲᠠ ᠪᠠᠷ ᠵᠠᠰᠠᠬᠤ︾ ᠡᠷᠴᠢᠮ ᠢ ᠴᠢᠩᠭᠠᠷᠠᠭᠤᠯᠵᠤ᠂ ᠭᠤᠣᠯᠳᠠᠭᠤ 6 ᠲᠠᠯ᠎ᠠ ᠪᠠᠷ ᠬᠦᠴᠦᠯᠡᠵᠦ᠂ ᠬᠥᠯᠥᠰᠥᠨ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠶᠢ ᠠᠬᠢᠭᠤᠯᠵᠤ ᠪᠤᠢ᠃    ᠣᠶᠢᠯᠠᠭᠠᠭᠰᠠᠨ ᠢᠶᠠᠷ᠂ ᠡᠨᠡ ᠬᠦ ᠵᠢᠷᠭᠤᠭᠠᠨ ᠲᠠᠯ᠎ᠠ ᠨᠢ᠂ ᠴᠠᠯᠢᠩ ᠥᠷᠢᠲᠦᠬᠦ ᠪᠠᠶᠢᠳᠠᠯ ᠪᠠᠶᠢᠨ ᠳᠠᠬᠢᠨ ᠡᠭᠦᠰᠴᠦ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠰᠠᠨᠠᠭᠠᠴᠢᠯᠠᠭ᠎ᠠ ᠠᠴᠠ ᠪᠠᠨ ᠲᠣᠭᠤᠷᠢᠨ ᠪᠠᠶᠢᠴᠠᠭᠠᠵᠤ᠂ ᠴᠠᠯᠢᠩ ᠥᠷᠢᠲᠦᠬᠦ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠳᠠᠷᠤᠭᠳᠠᠮᠠᠯ ᠬᠡᠷᠡᠭ ᠢ ᠴᠠᠭ ᠲᠤᠬᠠᠢ ᠳᠤᠨᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠡᠰᠢᠲᠦ ᠵᠥᠷᠢᠴᠡᠯ ᠢ ᠠᠷᠢᠯᠭᠠᠬᠤ ᠲᠣᠭᠲᠠᠴᠠ ᠳᠤ ᠣᠷᠣᠭᠤᠯᠤᠨ ᠡᠶᠡᠳᠡᠭᠦᠯᠦᠨ ᠰᠢᠢᠳᠪᠦᠷᠢᠯᠡᠵᠦ᠂ ᠳᠠᠷᠤᠭᠳᠠᠮᠠᠯ ᠬᠡᠷᠡᠭ ᠢ ᠲᠦᠢᠯᠪᠤᠷᠢᠲᠠᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ︔ ︽ᠬᠤᠶᠠᠷ ᠲᠤ ᠰᠠᠭᠤᠵᠤ ᠬᠤᠶᠠᠷ ᠢ ᠪᠠᠶᠢᠴᠠᠭᠠᠬᠤ︾ ᠠᠵᠢᠯ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠠᠰᠠᠭᠤᠳᠠᠯ ᠳᠤ ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ︽ᠬᠤᠶᠠᠷ ᠲᠤ ᠰᠠᠭᠤᠵᠤ ᠬᠤᠶᠠᠷ ᠢ ᠪᠠᠶᠢᠴᠠᠭᠠᠬᠤ︾ ᠠᠵᠢᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠢ ᠱᠠᠯᠠᠪᠳᠠᠭᠤᠯᠵᠤ ᠪᠠᠶᠢᠭᠠᠳ ᠴᠠᠯᠢᠩ ᠥᠭᠬᠦ ᠡᠯ᠎ᠡ ᠵᠦᠢᠯ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠥᠯᠥᠰᠥᠨ ᠮᠠᠯᠴᠢᠨ ᠲᠠᠷᠢᠶᠠᠴᠢᠨ ᠤ ᠴᠠᠯᠢᠩ ᠢ ᠰᠠᠷ᠎ᠠ ᠪᠦᠷᠢ ᠲᠤᠭ᠎ᠠ ᠶᠣᠰᠣᠭᠠᠷ ᠣᠯᠭᠤᠨ᠎ᠠ︔ ᠴᠠᠯᠢᠩ ᠮᠥᠩᠭᠦ ᠥᠷᠢᠲᠦᠭᠰᠡᠨ ᠬᠡᠷᠡᠭ ᠢ ᠰᠢᠢᠳᠪᠦᠷᠢᠯᠡᠭᠰᠡᠨ ᠶᠠᠰᠤ ᠴᠢᠨᠠᠷ ᠦᠷ᠎ᠡ ᠪᠦᠲᠦᠮᠵᠢ ᠥᠨᠳᠥᠷ ᠪᠢᠰᠢ ᠠᠰᠠᠭᠤᠳᠠᠯ ᠳᠤ ᠴᠢᠭᠯᠡᠭᠦᠯᠦᠨ᠂ ᠬᠡᠷᠡᠭ ᠰᠢᠢᠳᠪᠦᠷᠢᠯᠡᠬᠦ ᠳᠦᠷᠢᠮ ᠪᠠ ᠠᠩᠬ᠎ᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠬᠡᠷᠡᠭ ᠤᠨ ᠰᠦᠪᠡᠭᠴᠢ ᠶᠢ ᠬᠡᠷᠡᠭ ᠳᠠᠷᠠᠭᠠᠯᠠᠨ ᠬᠠᠷᠢᠭᠤ ᠰᠤᠷᠪᠤᠯᠵᠢᠯᠠᠵᠤ᠂ ᠴᠠᠯᠢᠩ ᠥᠷᠢᠲᠦᠭᠰᠡᠨ ᠢᠶᠠᠷ ᠬᠠᠷᠭᠤᠭᠤᠯᠤᠨ ᠲᠤᠳᠤᠯᠠᠬᠰᠠᠨ ᠪᠠᠶᠢᠪᠠᠯ᠂ ᠬᠤᠭᠤᠴᠠᠭ᠎ᠠ ᠲᠣᠭᠲᠠᠭᠠᠨ ᠰᠢᠢᠳᠪᠦᠷᠢᠯᠡᠵᠦ ᠳᠠᠭᠤᠰᠬᠠᠨ᠎ᠠ︔ ᠵᠣᠷᠢᠭᠤᠳᠠ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠴᠢᠭᠯᠡᠭᠦᠯᠦᠨ ᠂ ᠮᠡᠳᠡᠭᠡ ᠵᠠᠩᠭᠢ ᠶᠢ ᠨᠡᠪᠲᠡᠷᠡᠭᠦᠯᠬᠦ᠂ ᠬᠠᠤᠯᠢ ᠴᠠᠭᠠᠵᠠ ᠳᠤ ᠰᠢᠯᠵᠢᠭᠦᠯᠦᠨ ᠬᠦᠷᠭᠡᠬᠦ᠂ ᠬᠠᠮᠲᠤᠷᠠᠨ ᠱᠠᠯᠠᠪᠳᠠᠭᠤᠯᠤᠨ ᠭᠦᠢᠴᠡᠳᠬᠡᠬᠦ᠂ ᠴᠢᠩᠭ᠎ᠠ ᠴᠣᠬᠢᠯᠲᠠ ᠥᠭᠬᠦ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠳᠦᠷᠢᠮ ᠢᠶᠠᠷ ᠰᠡᠷᠭᠡᠶᠢᠯᠡᠬᠦ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠴᠣᠬᠢᠯᠲᠠ ᠥᠭᠬᠦ ᠪᠠ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠤᠨ ᠪᠢᠲᠡᠭᠦᠦ ᠣᠷᠴᠢᠯ ᠢ ᠪᠤᠢ ᠪᠣᠯᠭᠠᠨ᠎ᠠ︔ ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠭᠰᠡᠨ ᠶᠠᠰᠤ ᠴᠢᠨᠠᠷ ᠨᠢ ᠳᠣᠣᠷ᠎ᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠢᠨᠠᠨ ᠵᠥᠪᠰᠢᠶᠡᠷᠡᠬᠦ ᠭᠠᠷᠳᠠᠮ ᠢ ᠨᠢᠭᠡᠨᠲᠡ ᠭᠦᠢᠴᠡᠳᠬᠡᠭᠰᠡᠨ ᠪᠣᠯᠪᠠᠴᠤ ᠰᠡᠷᠡᠮᠵᠢᠯᠡᠭᠦᠯᠬᠦ ᠲᠠᠪᠴᠠᠩ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠤᠭᠰᠠᠨ ᠦᠭᠡᠢ ᠲᠥᠷᠥᠯ ᠵᠦᠢᠯ ᠢ ᠴᠠᠭ ᠲᠤᠬᠠᠢ ᠳᠤᠨᠢ ᠬᠠᠷᠭᠤᠭᠤᠯᠵᠤ᠂ ᠬᠢᠨᠠᠨ ᠡᠵᠡᠮᠳᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠢᠩᠭ᠎ᠠ ᠠᠳᠬᠤᠨ᠂ ᠴᠠᠯᠢᠩ ᠥᠷᠢᠲᠦᠬᠦ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ︔ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠤᠰᠤ ᠬᠦᠷᠢᠶᠡᠨ ᠳᠠᠬᠢ ᠬᠥᠳᠡᠯᠮᠦᠷᠢ ᠬᠦᠴᠦ ᠬᠡᠷᠡᠭᠯᠡᠬᠦ ᠵᠢᠷᠤᠮᠵᠢᠯ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠪᠦᠬᠦ ᠬᠦᠷᠢᠶ᠎ᠡ᠂ ᠬᠥᠳᠡᠯᠮᠦᠷᠢ ᠬᠦᠴᠦ ᠬᠡᠷᠡᠭᠯᠡᠬᠦ ᠪᠦᠬᠦ ᠬᠡᠯᠬᠢᠶ᠎ᠡ︾ ᠶᠢᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠪᠦᠬᠦ ᠬᠦᠷᠢᠶ᠎ᠡ ᠳᠤ ᠪᠦᠷᠬᠦᠭᠦᠯᠵᠦ ᠪᠦᠬᠦ ᠶᠠᠪᠤᠴᠠ ᠳᠤ ᠥᠷᠨᠢᠭᠦᠯᠦᠨ᠎ᠡ᠃ 2023 ᠣᠨ ᠳᠤ ᠪᠦᠬᠦ ᠣᠷᠣᠨ ᠤ ᠳᠡᠭᠡᠷ᠎ᠡ ᠳᠣᠣᠷ᠎ᠠ ᠱᠠᠲᠤ ᠪᠠᠷ ᠢᠶᠠᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠪᠦᠬᠦ ᠵᠢᠯ ᠳᠤ ᠲᠤᠭᠤᠰᠢᠯᠠᠭᠤᠯᠤᠭᠰᠠᠨ ᠬᠥᠯᠥᠰᠥᠨ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠥᠷᠢᠲᠦᠬᠦ ᠶᠢ ᠵᠠᠰᠠᠬᠤ︾ ᠶᠢ ︽ᠥᠷᠢᠲᠦᠬᠦ ᠶᠢ ᠰᠡᠷᠭᠡᠶᠢᠯᠡᠬᠦ︾ ᠲᠡᠶᠢᠰᠢ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ︽ᠬᠥᠯᠥᠰᠥᠨ ᠮᠠᠯᠴᠢᠨ ᠲᠠᠷᠢᠶᠠᠴᠢᠨ ᠤ ᠴᠠᠯᠢᠩ ᠢ ᠪᠠᠲᠤᠯᠠᠬᠤ ᠠᠵᠢᠯ ᠢ ᠰᠠᠶᠢᠲᠤᠷ ᠬᠢᠬᠦ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠤᠨ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠠᠯᠢᠩ ᠥᠷᠢᠲᠦᠬᠦ ᠬᠡᠷᠡᠭ ᠢ ᠬᠥᠳᠡᠯᠦᠩᠭᠦᠢ ᠪᠠᠷ ᠠᠷᠢᠯᠭᠠᠬᠤ ᠶᠢ ᠢᠮᠠᠭᠲᠠ ᠪᠠᠲᠤᠯᠠᠵᠤ᠂ ᠬᠥᠯᠥᠰᠥᠨ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠦᠴᠦᠲᠡᠢ ᠬᠠᠮᠠᠭᠠᠯᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ