ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ | ᠣᠶᠢᠯᠠᠭᠠᠭᠰᠠᠨ ᠢᠶᠠᠷ᠂ 4 ᠰᠠᠷ᠎ᠠ ᠶᠢᠨ ᠰᠡᠭᠦᠯᠴᠢ ᠪᠠᠷ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠠᠭᠠᠵᠢᠮ ᠢᠶᠠᠷ ᠣᠷᠭᠢᠯ ᠤᠨ ᠱᠠᠲᠤᠨ ᠳᠤ | ᠣᠷᠣᠬᠤ ᠪᠣᠯᠤᠨ᠎ᠠ᠂ ᠣᠳᠣᠬᠠᠨ ᠳᠤ ᠪᠦᠬᠦ ᠣᠷᠣᠨ ᠢᠶᠠᠷ ᠢᠶᠠᠨ 107 ᠲᠦᠮᠡ ᠭᠠᠷᠤᠢ ᠲᠷᠠᠺᠲ᠋ᠣᠷ ᠪᠣᠯᠤᠨ 146 ᠲᠦᠮᠡ ᠭᠠᠷᠤᠢ ᠢᠵᠢ ᠪᠦᠷᠢᠳᠦᠭᠰᠡᠨ | ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠪᠡᠯᠡᠬᠡᠨ ᠪᠣᠯᠭᠠᠭᠰᠠᠨ ᠪᠤᠶᠤ ᠠᠵᠢᠯᠯᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ | ᠪᠠᠶᠢᠨ᠎ᠠ᠃ | ᠡᠨᠡ ᠵᠢᠯ ᠮᠠᠨ ᠤ ᠣᠷᠣᠨ ᠤ ᠲᠠᠷᠢᠡᠶᠡ ᠲᠥᠮᠥᠰᠥ ᠲᠠᠷᠢᠬᠤ ᠰᠠᠨᠠᠮᠵᠢ ᠶᠢᠨ ᠲᠠᠯᠠᠪᠠᠢ 1.3 ᠳ᠋ᠦᠩᠰᠢᠭᠤᠷ ᠮᠦ ᠶᠢ ᠳᠠᠪᠠᠵᠤ᠂ ᠡᠭᠦᠨ ᠳᠤ ᠠᠮᠤ | ᠪᠤᠳᠠᠭᠠᠨ ᠤ ᠲᠠᠷᠢᠮᠠᠯ ᠲᠠᠷᠢᠬᠤ ᠰᠠᠨᠠᠮᠵᠢ ᠶᠢᠨ ᠲᠠᠯᠠᠪᠠᠢ 1.1 ᠳ᠋ᠦᠩᠰᠢᠭᠤᠷ ᠮᠦ ᠶᠢ ᠳᠠᠪᠠᠨ᠂ ᠲᠣᠰᠣᠯᠢᠭ ᠲᠠᠷᠢᠮᠠᠯ ᠲᠠᠷᠢᠬᠤ ᠰᠠᠨᠠᠮᠵᠢ ᠶᠢᠨ ᠲᠠᠯᠠᠪᠠᠢ | 1000 ᠲᠦᠮᠡᠨ ᠮᠦ ᠶᠢ ᠳᠠᠪᠠᠵᠤ᠂ ᠴᠥᠮ ᠨᠢᠳᠤᠨᠤᠨ ᠤ ᠬᠢ ᠠᠴᠠ ᠡᠳᠦᠢ ᠲᠡᠳᠦᠢ ᠨᠡᠮᠡᠭᠳᠡᠵᠡᠢ᠃ ᠲᠠᠷᠢᠶᠠᠯᠠᠩ ᠤᠨ ᠪᠠᠶᠢᠳᠠᠯ ᠤᠨ | ᠲᠣᠬᠢᠷᠠᠭᠤᠯᠤᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠣᠳᠣᠬᠠᠨ ᠪᠣᠯᠲᠠᠯ᠎ᠠ ᠮᠠᠨ ᠤ ᠣᠷᠣᠨ ᠨᠢᠭᠡᠨᠲᠡ 145.2 ᠲᠦᠮᠡᠨ ᠮᠦ ᠠᠮᠤ | ᠪᠤᠳᠠᠭᠠᠨ ᠤ ᠲᠠᠷᠢᠮᠠᠯ ᠲᠠᠷᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠨ᠎ᠠ᠃ ᠡᠭᠦᠨ ᠳᠤ 107.4 ᠲᠦᠮᠡᠨ | ᠮᠦ ᠪᠤᠭᠤᠳᠠᠢ᠂ 17 ᠲᠦᠮᠡᠨ ᠮᠦ ᠡᠷᠳᠡᠨᠢ ᠰᠢᠰᠢ᠂ 12.8 ᠲᠦᠮᠡᠨ ᠮᠦ ᠲᠥᠮᠥᠰᠥ ᠲᠠᠷᠢᠭᠠᠳ ᠪᠤᠢ᠃ ᠪᠦᠬᠦ ᠣᠷᠣᠨ ᠤ ᠬᠥᠷᠥᠰᠥ ᠰᠢᠷᠣᠢ ᠶᠢᠨ | ᠴᠢᠭᠢᠭ ᠤᠨ ᠪᠠᠶᠢᠳᠠᠯ ᠤᠨ ᠬᠢᠨᠠᠨ ᠬᠡᠮᠵᠢᠯᠲᠡ ᠶᠢᠨ ᠦᠷ᠎ᠡ ᠳ᠋ᠦᠩ ᠠᠴᠠ ᠦᠵᠡᠪᠡᠯ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ ᠪᠠ ᠭᠤᠷᠪᠠᠳᠤᠭᠠᠷ | ᠲᠥᠷᠥᠯ ᠤᠨ ᠴᠢᠭᠢᠭ ᠪᠠᠷᠢᠭᠰᠠᠨ ᠲᠠᠯᠠᠪᠠᠢ ᠨᠢ ᠲᠤᠰ ᠲᠤᠰ ᠪᠦᠬᠦ ᠲᠠᠯᠠᠪᠠᠢ ᠶᠢᠨ 22.3%᠂ 21.9% ᠪᠠ 55.8% ᠶᠢ ᠡᠵᠡᠯᠡᠵᠦ᠂ ᠡᠭᠦᠨ ᠳᠤ | ᠲᠠᠷᠢᠶᠠᠯᠠᠬᠤ ᠣᠷᠣᠨ ᠤ ᠴᠢᠭᠢᠭ ᠪᠠᠷᠢᠭᠰᠠᠨ ᠪᠠᠶᠢᠳᠠᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ᠂ ᠥᠩᠭᠡᠷᠡᠭᠰᠡᠨ ᠵᠢᠯ ᠤᠳ ᠤᠨ | ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠶᠡᠷᠦᠩᠬᠡᠢ ᠳᠡᠭᠡᠨ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ᠃ | ᠡᠨᠡ ᠵᠢᠯ ᠮᠠᠨ ᠤ ᠣᠷᠣᠨ ᠠᠮᠤ ᠪᠤᠳᠠᠭ᠎ᠠ ᠪᠠ ᠲᠣᠰᠣᠯᠢᠭ ᠲᠠᠷᠢᠮᠠᠯ ᠵᠡᠷᠭᠡ ᠭᠤᠣᠯ ᠪᠣᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ᠂ ᠮᠡᠷᠭᠡᠵᠢᠯ ᠢ ᠬᠤᠷᠠᠮᠳᠤᠭᠤᠯᠬᠤ᠂ | ᠪᠣᠬᠢᠷᠲᠤᠯ ᠦᠭᠡᠢ ᠪᠠᠷ ᠲᠠᠷᠢᠶᠠᠯᠠᠵᠤ ᠦᠷ᠎ᠡ ᠠᠰᠢᠭ ᠢ ᠨᠡᠮᠡᠭᠳᠡᠭᠦᠯᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠣᠨᠴᠠᠯᠢᠭᠲᠤ ᠲᠠᠷᠢᠮᠠᠯ ᠲᠠᠷᠢᠬᠤ᠂ | ᠥᠨᠳᠥᠷ ᠤᠨᠠᠯᠲᠠ ᠶᠢ ᠡᠭᠦᠳᠬᠦ ᠵᠡᠷᠭᠡ 6 ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ 600 ᠲᠦᠮᠡᠨ | ᠮᠦ ᠶᠢᠨ ᠵᠢᠱᠢᠡᠶᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠰᠠᠶᠢᠲᠤᠷ ᠪᠦᠲᠦᠭᠡᠨ ᠪᠠᠶᠢᠭᠤᠯᠵᠤ᠂ ᠨᠢᠭᠡᠨᠲᠡ ᠬᠤᠷᠠᠮᠳᠤᠭᠤᠯᠤᠭᠰᠠᠨ 27 ᠵᠦᠢᠯ ᠤᠨ | ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠵᠠᠭᠪᠤᠷ ᠢ ᠪᠣᠳᠠᠲᠤ ᠭᠠᠷᠤᠯᠲᠠ ᠪᠣᠯᠭᠠᠨ ᠬᠤᠪᠢᠷᠠᠭᠤᠯᠵᠤ᠂ ᠮᠦ ᠨᠢᠭᠡᠴᠢ ᠶᠢᠨ ᠤᠨᠠᠯᠲᠠ ᠶᠢ | ᠶᠡᠭᠡ ᠪᠠᠷ ᠳᠡᠭᠡᠭᠰᠢᠯᠡᠭᠦᠯᠬᠦ ᠶᠢ ᠳᠠᠶᠢᠴᠢᠯᠠᠬᠤ ᠪᠣᠯᠤᠨ᠎ᠠ᠃ | |