ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ︽ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠣᠭᠠᠴᠠᠭ᠎ᠠ ᠬᠢᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠣᠶᠢᠷ᠎ᠠ ᠳᠤ | ᠳᠤᠮᠳᠠᠳᠤ ᠤᠯᠤᠰ ᠤᠨ ᠠᠷᠠᠳ ᠤᠨ ᠪᠠᠩᠬᠢ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ | ᠲᠣᠪᠴᠢᠶ᠎ᠠ ᠪᠠ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠬᠠᠮᠲᠤᠷᠠᠨ ︽ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ | ᠲᠠᠯᠠᠪᠤᠷ ᠭᠠᠵᠠᠷ ᠤᠨ ᠲᠣᠭᠠᠴᠠᠭ᠎ᠠ ᠬᠢᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ | ᠴᠢᠨᠠᠷ ᠢ ᠳᠡᠭᠡᠭᠰᠢᠯᠡᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ ᠨᠠᠰᠤᠲᠠᠶᠢᠴᠤᠳ᠂ ᠳᠤᠮᠳᠠᠳᠤ ᠤᠯᠤᠰ ᠲᠤ ᠢᠷᠡᠭᠰᠡᠨ ᠭᠠᠳᠠᠭᠠᠳᠤ ᠶᠢᠨ ᠬᠥᠮᠥᠰ ᠵᠡᠷᠭᠡ ᠶᠢᠨ ᠰᠣᠶᠣᠯ ᠵᠢᠭᠤᠯᠴᠢᠯᠠᠯ ᠤᠨ | ᠬᠦᠷᠢᠶᠡᠨ ᠳᠠᠬᠢ ᠣᠯᠠᠨ ᠡᠰᠢᠴᠢᠯᠡᠭᠰᠡᠨ ᠲᠣᠭᠠᠴᠠᠭ᠎ᠠ ᠬᠢᠬᠦ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠨ ᠬᠠᠩᠭᠠᠬᠤ ᠳᠤ ᠰᠠᠭᠤᠷᠢᠯᠠᠵᠤ᠂ ᠡᠯ᠎ᠡ | ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ | ᠲᠤᠬᠠᠢ ᠶᠢᠨ ᠭᠠᠵᠠᠷ ᠤᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠤᠪᠢᠶᠠᠷᠢ ᠪᠠᠩᠬᠢ ᠲᠠᠢ ᠬᠠᠮᠲᠤᠷᠠᠨ ᠵᠣᠬᠢᠴᠠᠭᠤᠯᠵᠤ ᠬᠤᠯᠪᠤᠭᠠᠯᠠᠨ | ᠬᠥᠳᠡᠯᠦᠯᠴᠡᠬᠦ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠰᠤᠶᠤᠯ ᠵᠢᠭᠤᠯᠴᠢᠯᠠᠯ ᠤᠨ ᠲᠠᠯᠠᠪᠤᠷ ᠭᠠᠵᠠᠷ ᠢ ᠲᠣᠭᠲᠠᠭᠠᠵᠤ᠂ ᠭᠤᠣᠯᠳᠠᠯᠭ᠎ᠠ ᠲᠠᠢ | ᠬᠤᠳᠠᠯᠳᠤᠭᠠᠨ ᠤ ᠡᠷᠦᠬᠡ ᠶᠢ ᠲᠣᠳᠣᠷᠬᠠᠶᠢᠯᠠᠨ᠂ ᠠᠵᠢᠯ ᠤᠨ ᠲᠥᠰᠥᠯ ᠲᠣᠭᠲᠠᠭᠠᠵᠤ᠂ ᠬᠢᠯᠢ ᠶᠢᠨ ᠳᠣᠲᠣᠨ᠎ᠠ ᠭᠠᠳᠠᠨᠠᠬᠢ ᠪᠠᠩᠬᠢ ᠶᠢᠨ ᠺᠠᠷᠲ ᠢ ᠭᠥᠯᠢᠶᠡᠨ | ᠠᠪᠴᠤ ᠰᠶᠢᠳᠪᠦᠷᠢᠯᠡᠬᠦ ᠣᠷᠴᠢᠨ ᠲᠣᠭᠤᠷᠢᠨ ᠪᠠ ᠪᠡᠯᠡᠨ ᠵᠣᠭᠤᠰ ᠬᠡᠷᠡᠭᠯᠡᠬᠦ ᠣᠷᠴᠢᠨ ᠲᠣᠭᠤᠷᠢᠨ ᠢ ᠦᠷᠭᠦᠯᠵᠢᠯᠡᠨ ᠲᠡᠭᠦᠯᠳᠡᠷᠵᠢᠭᠦᠯᠬᠦ᠂ ᠰᠢᠯᠵᠢᠮᠡᠯ | ᠲᠣᠭᠠᠴᠠᠭ᠎ᠠ ᠬᠢᠬᠦ ᠳᠤ ᠨᠡᠩ ᠢᠯᠡᠬᠦᠦ ᠲᠥᠬᠦᠮ ᠦᠵᠡᠭᠦᠯᠬᠦ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠠᠵᠢᠯ ᠤᠨ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠪᠠ ᠦᠨᠡᠯᠡᠨ ᠵᠢᠱᠢᠵᠦ ᠬᠢᠨᠠᠨ ᠵᠢᠯᠤᠭᠤᠳᠬᠤ ᠶᠢ ᠰᠠᠶᠢᠲᠤᠷ ᠬᠢᠵᠦ᠂ ᠰᠤᠶᠤᠯ | ᠵᠢᠭᠤᠯᠴᠢᠯᠠᠯ ᠤᠨ ᠬᠦᠷᠢᠶᠡᠨ ᠳᠠᠬᠢ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ ᠬᠢᠷᠢ ᠬᠡᠮᠵᠢᠶ᠎ᠡ ᠶᠢ ᠬᠠᠮᠲᠤᠪᠠᠷ ᠳᠡᠭᠡᠭᠰᠢᠯᠡᠭᠦᠯᠬᠦ ᠬᠡᠷᠡᠭᠲᠡᠢ ᠭᠡᠵᠦ | ᠱᠠᠭᠠᠷᠳᠠᠪᠠ᠃ | ︽ᠮᠡᠳᠡᠭᠳᠡᠯ︾ ᠳᠤ ᠭᠤᠷᠪᠠᠨ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠵᠢᠭᠤᠯᠴᠢᠯᠠᠯ ᠤᠨ ᠪᠠᠭᠤᠳᠠᠯ᠂ ᠤᠯᠤᠰ ᠤᠨ 5A ᠲᠠᠰ ᠪᠠ 4A | ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠤᠰ ᠤᠨ ᠪᠠ ᠮᠤᠵᠢ ᠶᠢᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ ᠤᠯᠤᠰ ᠤᠨ | ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠬᠢᠯᠢ ᠶᠢᠨ ᠳᠣᠲᠣᠨ᠎ᠠ ᠭᠠᠳᠠᠨᠠᠬᠢ ᠪᠠᠩᠬᠢ ᠶᠢᠨ ᠺᠠᠷᠲ ᠢ ᠭᠥᠯᠢᠶᠡᠨ ᠠᠪᠴᠤ | ᠰᠶᠢᠳᠪᠦᠷᠢᠯᠡᠬᠦ ᠶᠢ ᠪᠦᠬᠦᠨ ᠢ ᠪᠦᠷᠬᠦᠭᠦᠯᠬᠦ ᠬᠡᠷᠡᠭᠲᠡᠢ᠃ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠤᠨ ᠬᠠᠮᠢᠶ᠎ᠠ ᠪᠦᠬᠦᠢ | ᠡᠵᠡᠩᠨᠡᠯᠲᠡ ᠶᠢᠨ ᠭᠤᠣᠯ ᠴᠣᠭᠴᠠ ᠨᠢ ᠬᠥᠮᠥᠨ ᠤ ᠬᠦᠴᠦ ᠪᠠᠷ ᠪᠢᠯᠧᠲ ᠬᠤᠳᠠᠯᠳᠤᠬᠤ ᠴᠣᠩᠬᠤ ᠪᠠᠨ ᠦᠯᠡᠳᠡᠭᠡᠵᠦ᠂ ᠪᠡᠯᠡᠨ ᠵᠣᠭᠤᠰ ᠢᠶᠠᠷ ᠲᠣᠭᠠᠴᠠᠭ᠎ᠠ | ᠬᠢᠬᠦ ᠶᠢ ᠳᠡᠮᠵᠢᠵᠦ᠂ ᠬᠡᠷᠡᠭᠯᠡᠭᠴᠢᠳ ᠤᠨ ᠲᠣᠭᠠᠴᠠᠭ᠎ᠠ ᠬᠢᠬᠦ ᠶᠢ ᠰᠣᠩᠭᠤᠬᠤ ᠡᠷᠬᠡ ᠶᠢ ᠪᠠᠲᠤᠯᠠᠬᠤ ᠬᠡᠷᠡᠭᠲᠡᠢ᠃ ᠳᠤᠮᠳᠠᠳᠤ ᠤᠯᠤᠰ ᠲᠤ ᠢᠷᠡᠭᠰᠡᠨ | ᠭᠠᠳᠠᠭᠠᠳᠤ ᠶᠢᠨ ᠬᠦᠮᠦᠨ ᠨᠡᠯᠢᠶᠡᠳ ᠣᠯᠠᠨ ᠪᠠᠶᠢᠭ᠎ᠠ ᠰᠣᠶᠣᠯ ᠵᠢᠭᠤᠯᠴᠢᠯᠠᠯ ᠤᠨ ᠲᠠᠯᠠᠪᠤᠷ ᠲᠤ ᠭᠠᠳᠠᠭᠠᠳᠤ ᠶᠢᠨ ᠵᠣᠭᠤᠰ ᠰᠣᠯᠢᠬᠤ ᠲᠤᠬᠠᠶᠢᠯᠠᠭᠰᠠᠨ | ᠠᠵᠢᠯ ᠤᠨ ᠲᠣᠣᠷ ᠴᠡᠭ ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠭᠠᠳᠠᠭᠠᠳᠤ ᠶᠢᠨ ᠵᠣᠭᠤᠰ ᠰᠣᠯᠢᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠰᠢᠯᠵᠢᠮᠡᠯ ᠲᠣᠭᠠᠴᠠᠭ᠎ᠠ ᠬᠢᠬᠦ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠳᠠᠷᠠᠭᠠᠯᠠᠯ ᠢ | ᠰᠢᠯᠢᠳᠡᠭᠵᠢᠭᠦᠯᠦᠨ᠂ ᠦᠢᠯᠡᠳᠬᠦᠨ ᠤ ᠴᠢᠳᠠᠮᠵᠢ ᠶᠢ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠤᠨ ᠰᠦᠯᠵᠢᠶᠡᠨ ᠳᠡᠭᠡᠷᠡᠬᠢ ᠪᠠ ᠪᠤᠳᠠᠲᠤ | ᠴᠤᠬᠴᠠ ᠶᠢᠨ ᠳᠤᠮᠳᠠᠳᠤ ᠤᠯᠤᠰ ᠲᠤ ᠢᠷᠡᠭᠰᠡᠳ ᠤᠨ ᠲᠣᠭᠠᠴᠠᠭ᠎ᠠ ᠬᠢᠬᠦ ᠳᠤ ᠨᠡᠩ ᠢᠯᠡᠬᠦᠦ ᠲᠥᠬᠦᠮ ᠦᠵᠡᠭᠦᠯᠦᠨ᠎ᠡ ᠭᠡᠵᠦ ᠳᠤᠳᠤᠷᠬᠠᠶᠢᠯᠠᠪᠠ᠃ | ᠢᠷᠡᠯᠲᠡ᠄ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠦᠯᠵᠢᠶ᠎ᠡ |