ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠤᠭ ᠤᠨ ᠰᠢᠨ᠎ᠡ ᠮᠡᠳᠡᠭᠡ᠄ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨ ᠬᠦ ᠠᠳᠬᠤᠨ | ᠪᠣᠳᠠᠲᠠᠢ ᠠᠵᠢᠯᠯᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠪᠠ᠃ ᠡᠭᠦᠨ ᠳᠤ | ᠂ ᠴᠢᠬᠤᠯᠠ ᠶᠡᠭᠡ ᠲᠥᠰᠥᠯ ᠤᠨ ᠲᠣᠳᠣᠷᠬᠠᠢ ᠬᠠᠭᠤᠳᠠᠰᠤ ᠶᠢ ᠬᠡᠷᠡᠭᠵᠢᠭᠦᠯᠬᠦ ᠲᠠᠯ᠎ᠠ ᠪᠠᠷ᠂ ᠡᠯ᠎ᠡ ᠭᠠᠵᠠᠷ ᠣᠷᠣᠨ ᠨᠤᠭᠤᠳ ᠬᠦᠴᠦᠨ ᠵᠦᠢᠯ ᠤᠨ | ᠪᠠᠲᠤᠯᠠᠭ᠎ᠠ ᠪᠠᠨ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠲᠦᠷᠭᠡᠳᠬᠡᠨ᠂ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠣᠲᠣ | ᠪᠣᠯᠲᠠᠯ᠎ᠠ᠂ ᠲᠣᠳᠣᠷᠬᠠᠢ ᠬᠠᠭᠤᠳᠠᠰᠤᠨ ᠳᠠᠬᠢ 86 ᠵᠦᠢᠯ ᠤᠨ ᠴᠢᠬᠤᠯᠠ ᠶᠡᠭᠡ ᠲᠥᠰᠥᠯ ᠤᠨ 54 ᠨᠢ ᠨᠢᠭᠡᠨᠲᠡ ᠠᠵᠢᠯ ᠢᠶᠠᠨ ᠡᠬᠢᠯᠡᠭᠦᠯᠵᠦ᠂ 1105. | 64 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠠᠷᠠᠭ ᠪᠦᠷᠢ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠡᠯ᠎ᠡ ᠲᠠᠯ᠎ᠠ ᠶᠢᠨ ᠠᠵᠢᠯ ᠳᠤ | ᠢᠳᠡᠪᠬᠢᠲᠡᠢ ᠦᠷ᠎ᠡ ᠪᠦᠲᠦᠮᠵᠢ ᠣᠯᠪᠠ᠃ ᠭᠤᠣᠯᠳᠠᠯᠭ᠎ᠠ ᠲᠠᠢ ᠡᠭᠦᠷᠭᠡ ᠶᠢᠨ ᠲᠣᠳᠣᠷᠬᠠᠢ ᠬᠠᠭᠤᠳᠠᠰᠤ ᠶᠢ ᠠᠬᠢᠭᠤᠯᠬᠤ ᠲᠠᠯ᠎ᠠ ᠪᠠᠷ᠂ 189 ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠶᠠᠭ ᠴᠠᠭ ᠤᠨ ᠵᠠᠩᠭᠢᠯᠠᠭ᠎ᠠ ᠪᠠ ᠠᠬᠢᠴᠠ ᠶᠢᠨ ᠱᠠᠭᠠᠷᠳᠠᠯᠭ᠎ᠠ ᠶᠣᠰᠣᠭᠠᠷ ᠬᠦᠴᠦᠲᠡᠢ ᠪᠥᠭᠡᠳ ᠡᠮᠬᠢ ᠵᠢᠷᠤᠮ ᠲᠠᠢ | ᠠᠬᠢᠭᠤᠯᠵᠤ ᠪᠠᠶᠢᠨ᠎ᠠ᠂ ᠡᠭᠦᠨ ᠳᠤ 8 ᠵᠦᠢᠯ ᠨᠢ ᠴᠢᠬᠤᠯᠠ ᠶᠡᠭᠡ ᠠᠬᠢᠴᠠ ᠲᠠᠢ ᠪᠣᠯᠵᠤ᠂ 16 ᠵᠦᠢᠯ ᠨᠢ ᠢᠯᠡᠳᠲᠡ ᠦᠷ᠎ᠡ ᠪᠦᠲᠦᠮᠵᠢ ᠣᠯᠵᠤ᠂ | 165 ᠵᠦᠢᠯ ᠨᠢ ᠰᠢᠨ᠎ᠡ ᠠᠬᠢᠴᠠ ᠲᠠᠢ ᠪᠣᠯᠪᠠ᠃ ᠵᠢᠱᠢᠶᠡᠯᠡᠪᠡᠯ ᠭᠤᠣᠯᠳᠠᠯᠭ᠎ᠠ ᠲᠠᠢ ᠡᠯᠡᠰᠦᠷᠬᠡᠭ ᠣᠷᠣᠨ ᠤ ᠬᠤᠰᠢᠭᠤ ᠰᠢᠶᠠᠨ ᠢ ᠤᠯᠤᠰ ᠤᠨ ᠴᠢᠬᠤᠯᠠ | ᠶᠡᠭᠡ ᠢᠨᠵᠧᠨᠧᠷᠢᠩ ᠢ ᠠᠬᠢᠭᠤᠯᠤᠨ ᠬᠡᠷᠡᠭᠵᠢᠭᠦᠯᠬᠦ ᠳᠤ ᠨᠢᠭᠡᠳᠦᠯᠲᠡᠢ ᠲᠦᠯᠦᠪᠯᠡᠨ ᠣᠷᠣᠭᠤᠯᠬᠤ ᠪᠠᠷ ᠴᠢᠷᠮᠠᠶᠢᠵᠤ᠂ ᠤᠯᠤᠰ ᠤᠨ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠦᠯᠦᠪᠯᠡᠭᠡ ᠶᠢ ᠨᠢᠭᠡᠨᠲᠡ ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ | 103 ᠬᠤᠰᠢᠭᠤ ᠰᠢᠶᠠᠨ ᠤ 11 ᠭᠤᠣᠯᠳᠠᠯᠭ᠎ᠠ ᠲᠠᠢ ᠲᠥᠰᠥᠯ ᠢ ᠪᠦᠬᠦᠨ ᠢ ᠲᠦᠯᠦᠪᠯᠡᠭᠡ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠪᠠ᠃ | ᠢᠵᠢ ᠲᠦᠬᠦᠷ ᠲᠥᠷᠥ ᠶᠢᠨ ᠪᠣᠳᠣᠯᠭ᠎ᠠ ᠨᠡᠶᠢᠲᠡᠯᠡᠬᠦ ᠪᠠᠷ ᠴᠢᠷᠮᠠᠶᠢᠬᠤ ᠲᠠᠯ᠎ᠠ ᠪᠠᠷ᠂ ᠡᠯ᠎ᠡ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠡᠶᠢᠲᠡᠯᠡᠬᠦ ᠴᠣᠩᠬᠤᠨ ᠬᠤᠭᠤᠴᠠᠭ᠎ᠠ ᠶᠢ ᠪᠤᠲᠠᠲᠠᠢ ᠠᠳᠬᠤᠵᠤ᠂ ᠠᠵᠢᠯ ᠲᠥᠷᠥᠯ ᠤᠨ ᠶᠠᠮᠤᠨ | ᠵᠥᠪᠯᠡᠯ ᠲᠠᠢ ᠨᠡᠪᠲᠡᠷᠡᠯᠴᠡᠵᠦ ᠵᠣᠯᠭᠠᠭᠤᠯᠬᠤ ᠪᠠᠨ ᠲᠦᠷᠭᠡᠳᠬᠡᠪᠡ᠃ ᠣᠲᠣ ᠪᠣᠯᠲᠠᠯ᠎ᠠ᠂ ᠤᠯᠤᠰ ᠤᠨ ᠶᠠᠮᠤᠨ ᠬᠤᠷᠢᠶ᠎ᠠ ᠨᠢᠭᠡᠴᠢ ᠢᠵᠢ ᠲᠦᠬᠦᠷ | ᠲᠥᠷᠥ ᠶᠢᠨ ᠪᠣᠳᠣᠯᠭ᠎ᠠ ᠶᠢ 32 ᠨᠡᠶᠢᠲᠡᠯᠡᠬᠦ ᠪᠠᠷ ᠴᠢᠷᠮᠠᠶᠢᠨ ᠣᠯᠵᠤ᠂ 9 ᠵᠦᠢᠯ ᠢ ᠨᠡᠶᠢᠲᠡᠯᠡᠬᠦ ᠪᠠᠷ ᠲᠥᠯᠥᠪᠯᠡᠵᠦ᠂ ᠠᠵᠤ ᠠᠬᠤᠶᠢᠯᠠᠯ ᠤᠨ ᠲᠠᠰ | ᠳᠠᠪᠬᠤᠷᠭ᠎ᠠ ᠠᠴᠠ ᠢᠵᠢ ᠲᠦᠬᠦᠷ ᠲᠥᠷᠥ ᠶᠢᠨ ᠪᠣᠳᠣᠯᠭ᠎ᠠ ᠶᠢ 4 ᠨᠡᠶᠢᠲᠡᠯᠡᠬᠦ ᠪᠠᠷ ᠪᠠᠶᠢᠨ᠎ᠠ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠠᠯᠳᠠ ᠬᠦᠴᠦᠨ ᠢ ᠭᠦᠨ ᠠᠭᠤᠳᠠᠯᠬᠤ ᠲᠠᠯ᠎ᠠ ᠪᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠳ ᠣᠯᠠᠨ ᠵᠢᠯ ᠤᠨ ᠠᠵᠢᠯ ᠤᠨ ᠲᠤᠷᠰᠢᠯᠭ᠎ᠠ ᠪᠠ ᠤᠯᠤᠰ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ | ᠦᠨᠳᠦᠰᠦᠯᠡᠨ᠂ ᠠᠵᠢᠯ ᠤᠨ ᠰᠡᠳᠬᠢᠮᠵᠢ ᠪᠠᠨ ᠰᠤᠳᠤᠯᠤᠨ ᠳᠤᠷᠠᠳᠤᠭᠠᠳ᠂ ᠨᠥᠭᠡᠴᠡᠯᠡᠬᠦ ᠲᠦᠰᠦᠯ ᠢᠶᠠᠨ ᠶᠠᠭ ᠢᠳᠡᠪᠬᠢᠲᠡᠢ ᠨᠤᠲᠠᠯᠠᠵᠤ᠂ ᠤᠯᠤᠰ ᠤᠨ | ᠳᠡᠮᠵᠢᠯᠭᠡ ᠶᠢ ᠣᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠨ᠎ᠠ᠃ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠲᠠᠢ ᠬᠠᠷᠭᠤᠭᠤᠯᠤᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠰᠢᠨ᠎ᠡ ᠪᠠᠷ ᠨᠡᠮᠡᠭᠳᠡᠭᠰᠡᠨ 29 ᠵᠦᠢᠯ ᠤᠨ ᠲᠥᠷᠥ ᠶᠢᠨ ᠪᠣᠳᠣᠯᠭ᠎ᠠ ᠶᠢ ᠡᠮᠬᠢᠯᠡᠨ ᠰᠣᠩᠭᠤᠵᠤ᠂ ᠨᠢᠭᠡᠨᠲᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠣᠳᠣᠷᠬᠠᠢ ᠬᠠᠭᠤᠳᠠᠰᠤᠨ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠡᠷᠡᠭᠵᠢᠭᠦᠯᠬᠦ ᠶᠢ | ᠠᠬᠢᠭᠤᠯᠪᠠ᠃ | ︽ᠲᠠᠷᠠᠭᠠᠴᠢ ᠪᠠᠷ᠂ ᠪᠢᠳᠡ ᠲᠣᠭᠲᠠᠴᠠ ᠶᠢᠨ ᠪᠠᠲᠤᠯᠠᠭ᠎ᠠ ᠶᠢ ᠴᠢᠩᠭᠠᠳᠬᠠᠵᠤ᠂ ᠴᠢᠷᠮᠠᠶᠢᠨ ᠣᠯᠬᠤ ᠡᠷᠴᠢᠮ ᠢᠶᠠᠨ ᠴᠢᠩᠭᠠᠷᠠᠭᠤᠯᠤᠨ᠂ ᠲᠥᠰᠥᠯ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠤᠨ᠂ ᠲᠦᠷᠦᠭᠦᠯᠡᠨ ᠶᠡᠷᠦᠩᠬᠡᠢ ᠠᠵᠢᠯ ᠢ | ᠠᠳᠬᠤᠬᠤ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠲᠥᠷᠥ ᠶᠢᠨ ᠪᠣᠳᠣᠯᠭ᠎ᠠ ᠶᠢᠨ | ᠳᠠᠪᠬᠤᠴᠠᠯ ᠦᠢᠯᠡᠳᠦᠯ ᠢ ᠪᠡᠶᠡᠯᠡᠭᠦᠯᠬᠦ ᠶᠢ ᠠᠬᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ | | |