ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠬᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ | ᠠᠪᠬᠤ ᠪᠠ ᠪᠣᠷᠣᠯᠠᠭᠤᠯᠬᠤ ᠠᠷᠠᠯᠵᠢᠶ᠎ᠠ ᠢᠳᠡ ᠭᠦᠭ ᠲᠠᠢ ᠶᠠᠪᠤᠭᠳᠠᠵᠤ ᠪᠠᠶᠢᠨ᠎ᠠ᠃ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ | ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ | ᠲᠥᠪᠯᠡᠷᠡᠭᠦᠯᠦᠨ ᠥᠷᠨᠢᠭᠦᠯᠪᠡ᠃ ᠣᠳᠣᠬᠠᠨ ᠪᠤᠯᠲᠠᠯ᠎ᠠ᠂ ᠪᠦᠭᠦ ᠣᠷᠣᠨ ᠳᠤ 510 ᠬᠢᠮᠢ ᠶᠢᠨ ᠪᠣᠷᠳᠣᠭᠤᠷ᠂ ᠲᠠᠷᠢᠶᠠᠯᠠᠩ ᠤᠨ ᠰᠦᠯᠢᠶᠥᠦ ᠪᠦᠷᠬᠦᠪᠴᠢ | ᠳᠤᠰᠤᠯᠭᠠᠨ ᠤᠰᠤᠯᠠᠬᠤ ᠪᠦᠰᠡ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠠᠵᠤ ᠠᠬᠤᠶᠢᠯᠠᠯ ᠳᠤ ᠰᠤᠭᠤᠴᠢᠨ ᠪᠠᠶᠢᠴᠠᠭᠠᠯᠲᠠ ᠬᠢᠪᠡ᠃ | ᠣᠶᠢᠯᠠᠭᠠᠭᠰᠠᠨ ᠢᠶᠠᠷ᠂ ᠲᠤᠰᠬᠠᠢ ᠪᠠᠶᠢᠴᠠᠭᠠᠯᠲᠠ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ | ᠪᠣᠷᠤᠯᠠᠭᠤᠯᠭ᠎ᠠ ᠶᠢᠨ ᠲᠡᠮᠳᠡᠭᠯᠡᠯ᠂ ᠦᠢᠯᠡᠳᠬᠦᠨ ᠢ ᠰᠢᠯᠭᠠᠨ ᠪᠠᠶᠢᠴᠠᠭᠠᠭᠰᠠᠨ ᠲᠡᠮᠳᠡᠭᠯᠡᠯ᠂ ᠬᠢᠷᠢ ᠲᠡᠩᠴᠡᠭᠰᠡᠨ ᠦᠨᠡᠮᠯᠡᠯ ᠵᠢᠴᠢ ᠦᠢᠯᠡᠳᠬᠦᠨ ᠤ | ᠬᠤᠯᠪᠣᠭᠳᠠᠯ ᠪᠦᠬᠦᠢ ᠢᠯᠡᠷᠬᠡᠶᠢᠯᠡᠯᠲᠦ ᠲᠡᠮᠳᠡᠭ ᠤᠨ ᠲᠣᠳᠣᠷᠬᠠᠶᠢᠯᠠᠯᠲᠠ ᠵᠡᠷᠭᠡ ᠵᠠᠩᠭᠢᠯᠠᠭ᠎ᠠ ᠶᠢᠨ ᠬᠦᠴᠦᠨ ᠵᠦᠢᠯ ᠢ ᠭᠤᠣᠯᠳᠠᠯᠭ᠎ᠠ ᠲᠠᠢ ᠪᠠᠶᠢᠴᠠᠭᠠᠪᠠ ; | ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠶᠠᠰᠤ ᠴᠢᠨᠠᠷ ᠤᠨ ᠠᠮᠤᠷ | ᠲᠦᠪᠰᠢᠨ ᠤ ᠠᠵᠢᠯᠲᠠᠨ ᠲᠣᠬᠢᠷᠠᠭᠤᠯᠤᠭᠰᠠᠨ ᠡᠰᠡᠬᠦ᠂ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ︽ᠬᠤᠶᠠᠷ | ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠪᠠ ; ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠦᠢᠯᠡᠳᠪᠦᠷᠢᠯᠡᠵᠦ | ᠪᠣᠷᠣᠯᠠᠭᠤᠯᠬᠤ ᠨᠢᠭᠡᠴᠢ ᠳᠤ ᠤᠬᠠᠭᠤᠯᠭ᠎ᠠ ᠬᠥᠮᠦᠵᠢᠯ ᠥᠷᠨᠢᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ | ᠴᠢᠨᠠᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠦᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ | ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠨ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠬᠥᠲᠥᠯᠥᠨ | ᠵᠢᠯᠤᠭᠤᠳᠴᠤ᠂ ᠶᠠᠰᠤ ᠴᠢᠨᠠᠷ ᠤᠨ ᠠᠶᠤᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ | ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠮᠠᠨ ᠤ ᠣᠷᠣᠨ ᠤ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ | ᠱᠠᠭᠠᠷᠳᠠᠪᠠ᠃ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠳᠤ᠂ ᠬᠠᠤᠯᠢ ᠬᠡᠷᠡᠭᠵᠢᠭᠦᠯᠬᠦ ᠠᠵᠢᠯᠲᠠᠨ ᠶᠠᠰᠤ | ᠴᠢᠨᠠᠷ ᠢᠶᠠᠷ ᠬᠠᠪᠰᠤᠷᠤᠨ ᠲᠡᠳᠬᠦᠬᠦ ᠦᠢᠯᠡᠴᠢᠯᠡᠭᠡᠨ ᠤ ᠵᠢᠯᠣᠭᠤᠳᠤᠯᠭ᠎ᠠ ᠬᠢᠪᠡ᠃ ᠡᠭᠦᠨ ᠤ ᠬᠠᠮᠲᠤ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ | ᠰᠦᠯᠢᠶᠥᠦ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠷᠴᠠᠭ︾ | ᠲᠤ ᠣᠷᠣᠭᠤᠯᠵᠤ᠂ ᠦᠢᠯᠡᠳᠬᠦᠨ ᠤ ᠥᠯᠢᠭᠡᠷ ᠠᠪᠴᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ | |