ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤᠯᠤᠰ ᠪᠠ ᠥᠪᠡᠷᠲᠡᠭᠡᠨ | ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠢᠨᠠᠨ ᠰᠢᠯᠭᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠪᠠ ᠤᠰᠤ | ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ | ᠲᠥᠯᠥᠭᠡ ᠣᠶᠢᠷ᠎ᠠ ᠳᠤ ︽2024 ᠣᠨ ᠤ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠤᠰᠤ ᠠᠷᠪᠢᠯᠠᠬᠤ ᠭᠡᠯᠪᠡᠷᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠨᠡ | ᠵᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠪᠦᠭᠦ ᠲᠠᠯ᠎ᠠ ᠪᠠᠷ ᠡᠬᠢᠯᠡᠭᠦᠯᠪᠡ᠃ | ︽ᠮᠡᠳᠡᠭᠳᠡᠯ︾ ᠳᠤ᠂ ᠡᠯ᠎ᠡ ᠠᠶᠢᠮᠠᠭ ᠬᠤᠲᠠ ᠶᠢᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ | ᠭᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ | ᠠᠵᠢᠯ ᠤᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠢ ᠦᠨᠳᠦᠰᠦᠯᠡᠨ ᠡᠭᠦᠳᠦᠨ ᠪᠠᠶᠢᠭᠤᠯᠬᠤ ᠡᠷᠴᠢᠮ ᠢᠶᠠᠨ | ᠴᠢᠩᠭᠠᠷᠠᠭᠤᠯᠵᠤ᠂ 2024 ᠣᠨ ᠤ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠤᠰᠤ ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤ ᠠᠷᠪᠢᠯᠠᠬᠤ | ᠭᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ᠣᠶᠢᠯᠠᠭᠠᠭᠰᠠᠨ ᠢᠶᠠᠷ᠂ ᠮᠠᠨ ᠤ ᠣᠷᠣᠨ 2021 ᠣᠨ ᠳᠤ ᠬᠠᠮᠢᠶ᠎ᠠ ᠪᠦᠬᠦᠢ ᠭᠤᠣᠯᠳᠠᠯᠭ᠎ᠠ ᠲᠠᠢ ᠬᠢᠨᠠᠨ ᠡᠵᠡᠮᠳᠡᠵᠦ ᠪᠠᠶᠢᠭ᠎ᠠ ᠤᠰᠤ ᠬᠡᠷᠡᠭᠯᠡᠬᠦ | ᠨᠢᠭᠡᠴᠢ ᠶᠢᠨ ᠨᠡᠷᠡᠰ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠤᠰᠤ ᠬᠡᠷᠡᠭᠯᠡᠬᠦ ᠠᠵᠢᠯ ᠲᠥᠷᠥᠯ ᠤᠨ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠵᠢᠴᠢ ᠵᠢᠯ ᠳᠤ 50 ᠲᠦᠮᠡᠨ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠤᠰᠤ ᠬᠡᠷᠡᠭᠯᠡᠵᠦ ᠪᠠᠶᠢᠭ᠎ᠠ ᠠᠵᠤ | ᠠᠬᠤᠶᠢᠯᠠᠯ ᠤᠨ ᠨᠡᠷᠡᠰ ᠲᠠᠢ ᠤᠶᠠᠯᠳᠤᠭᠤᠯᠤᠨ᠂ 212 ᠠᠵᠤ ᠦᠢᠯᠡᠳᠪᠦᠷᠢ ᠶᠢᠨ ᠠᠵᠤ ᠠᠬᠤᠶᠢᠯᠠᠯ ᠢᠶᠠᠷ ᠪᠦᠷᠢᠯᠳᠦᠭᠰᠡᠨ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠦᠭᠦ ᠣᠷᠣᠨ ᠤ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠢ ᠡᠭᠦᠳᠦᠨ | ᠪᠠᠶᠢᠭᠤᠯᠬᠤ ᠨᠡᠷᠡᠰ ᠢ ᠭᠠᠷᠭᠠᠵᠤ᠂ ᠡᠯ᠎ᠡ ᠠᠶᠢᠮᠠᠭ ᠬᠤᠲᠠ ᠶᠢ ᠵᠢᠯ ᠬᠤᠪᠢᠶᠠᠨ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ ᠭᠡᠵᠦ | ᠱᠠᠭᠠᠷᠳᠠᠭᠰᠠᠨ ᠶᠤᠮ᠃ ᠣᠳᠣᠬᠠᠨ ᠪᠤᠯᠲᠠᠯ᠎ᠠ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠭᠡᠯᠪᠡᠷᠢ ᠶᠢᠨ ᠠᠵᠤ | ᠠᠬᠤᠶᠢᠯᠠᠯ ᠢ ᠨᠡᠶᠢᠲᠡ 57 ᠡᠭᠦᠳᠦᠨ ᠪᠠᠶᠢᠭᠤᠯᠪᠠ᠃ | |