ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠣᠯᠠᠨ ᠬᠡᠯᠪᠡᠷᠢ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/4/24
     ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠨᠡᠶᠢᠲᠡ ᠶᠢᠨ ᠢᠲᠡᠭᠡᠮᠵᠢ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ  ᠯᠢᠨ ᠬᠠᠢ ᠴᠡᠴᠡᠷᠯᠢᠭ ᠲᠤ ᠣᠯᠠᠨ ᠵᠦᠢᠯ ᠤᠨ ᠬᠡᠯᠪᠡᠷ ᠪᠠᠷ ︽ᠢᠲᠡᠭᠡᠮᠵᠢ ᠶᠢ ᠴᠢᠬᠤᠯᠠᠴᠢᠯᠠᠵᠤ᠂ ᠢᠲᠡᠭᠡᠮᠵᠢ ᠶᠢ ᠡᠷᠬᠢᠮᠯᠡᠬᠦ︾  ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃   ᠠᠵᠢᠯᠯᠠᠭᠠᠨ ᠳᠤ᠂ ᠺᠠᠳ᠋ᠷ ᠴᠠᠭᠳᠠᠭ᠎ᠠ ᠨᠠᠷ ᠠᠴᠠ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠬᠦᠬᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠪᠠᠷ ᠳᠠᠮᠵᠢᠭᠤᠯᠤᠨ ᠣᠯᠠᠨ ᠲᠦᠮᠡᠨ ᠤ ᠠᠩᠬᠠᠷᠴᠤ ᠪᠠᠶᠢᠭ᠎ᠠ ᠬᠤᠪᠢ ᠬᠥᠮᠦᠨ ᠤ ᠢᠲᠡᠭᠡᠯ ᠣᠯᠬᠤ᠂ ᠢᠲᠡᠭᠡᠯ ᠠᠯᠳᠠᠬᠤ ᠶᠢ ᠭᠦᠢᠴᠡᠳᠬᠡᠬᠦ ᠠᠰᠠᠭᠤᠳᠠᠯ ᠢ ᠲᠣᠰ ᠬᠤᠷᠢᠶᠠᠨ ᠤ ᠬᠦᠢᠴᠡᠳᠭᠡᠭᠰᠡᠨ ᠢᠲᠡᠭᠡᠯ ᠠᠯᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠤᠷᠤᠭᠰᠠᠨ ᠦᠷ᠎ᠡ ᠳ᠋ᠦᠩ ᠵᠢᠴᠢ ᠢᠲᠡᠭᠡᠮᠵᠢ ᠶᠢ ᠰᠡᠷᠭᠦᠭᠡᠬᠦ ᠠᠷᠭ᠎ᠠ ᠮᠠᠶ᠋ᠢᠭ ᠢ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽ᠢᠲᠡᠭᠡᠮᠵᠢ ᠨᠢ ᠢᠷᠠᠭᠤ ᠠᠯᠳᠠᠷ ᠲᠠᠢ᠂ ᠢᠲᠡᠭᠡᠯ ᠠᠯᠳᠠᠭᠰᠠᠨ ᠨᠢ ᠢᠴᠢᠭᠦᠷᠢ ᠲᠠᠢ︾ ᠭᠡᠬᠦ ᠣᠶᠢᠯᠠᠭᠠᠭᠳᠠᠬᠤᠨ ᠢ ᠪ᠊ ᠪᠣᠢ ᠪᠣᠯᠭᠠᠪᠠ᠃  ᠡᠬᠦᠨ ᠠᠴᠠ ᠭᠠᠳᠠᠨ᠎ᠠ ᠪᠠᠰᠠ ᠨᠠᠰᠤᠲᠠᠶᠢᠴᠤᠳ ᠲᠤ ᠦᠷᠭᠦᠯᠵᠢ ᠲᠣᠬᠢᠶᠠᠯᠳᠤᠬᠤ ᠨᠠᠰᠤᠵᠢᠯ ᠤᠨ ᠮᠡᠬᠡᠯᠡᠯ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠢ ᠲᠠᠨᠢᠯᠴᠠᠭᠤᠯᠵᠤ᠂ ᠣᠯᠠᠨ ᠲᠦᠮᠡᠨ ᠤ ᠮᠡᠬᠡᠯᠡᠯ ᠢ ᠲᠠᠨᠢᠬᠤ ᠴᠢᠳᠠᠪᠤᠷᠢ ᠶᠢ ᠳᠡᠭᠡᠭᠰᠢᠯᠡᠭᠦᠯᠪᠡ᠃    ᠳᠠᠷᠠᠭᠠᠴᠢ ᠶᠢᠨ ᠠᠯᠬᠤᠮ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠰᠢᠭᠦᠨ ᠲᠠᠰᠤᠯᠤᠯᠲᠠ ᠶᠢᠨ ᠭᠦᠢᠴᠡᠳᠬᠡᠬᠦ ᠠᠵᠢᠯ ᠲᠠᠢ ᠤᠶᠠᠯᠳᠤᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠬᠠᠭᠤᠯᠭ᠎ᠠ ᠶᠢᠨ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠢᠲᠡᠭᠡᠬᠦ ᠶᠢ ᠮᠡᠳᠡᠬᠦ᠂ ᠢᠲᠡᠭᠡᠬᠦ ᠶᠢ ᠴᠢᠬᠤᠯᠠᠴᠢᠯᠠᠬᠤ︾ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠦᠨᠡᠨᠴᠢ ᠢᠲᠡᠭᠡᠮᠵᠢᠲᠡᠶ ᠦᠢᠯᠡᠳᠦᠯᠭᠡᠵᠢᠭᠦᠯᠦᠭᠴᠢ᠂ ᠰᠠᠨᠠᠭᠠᠴᠢᠯᠠᠭᠴᠢ ᠪᠠ ᠤᠯᠠᠮᠵᠢᠯᠠᠭᠴᠢ ᠪᠣᠯᠭᠠᠵᠤ᠂ ᠪᠥᠬᠦ ᠠᠷᠠᠳ ᠢᠶᠠᠷ ᠢᠶᠠᠨ ᠤᠬᠠᠮᠰᠠᠷ ᠠᠴᠠ ᠪᠠᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠦᠨᠡᠨᠴᠢ ᠢᠲᠡᠭᠡᠮᠵᠢᠲᠡᠶ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃    
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ