ᠡᠨᠡ ᠵᠢᠯ᠂ ᠤᠷᠠᠳ ᠤᠨ ᠡᠮᠦᠨᠡᠲᠦ ᠬᠤᠰᠢᠭᠤ ᠪᠥᠬᠦ ᠬᠤᠲᠠ ᠶᠢᠨ ᠲᠣᠬᠤᠢ ᠶᠢᠨ ᠣᠷᠤᠨ ᠤ ᠬᠡᠰᠡᠭ ᠪᠤᠰᠠᠭ ᠡᠯᠡᠰᠦ ᠶᠢ ᠵᠠᠰᠠᠬᠤ ᠠᠵᠢᠯ ᠤᠨ | ᠲᠣᠬᠢᠷᠠᠭᠤᠯᠤᠯᠲᠠ ᠶᠣᠰᠣᠭᠠᠷ᠂ ᠪᠥᠬᠦ ᠬᠤᠰᠢᠭᠤᠨ ᠤ ᠬᠡᠪᠴᠢᠶᠡᠨ ᠳᠠᠬᠢ ᠬᠡᠰᠡᠭ ᠪᠤᠰᠠᠭ ᠡᠯᠡᠰᠦ ᠶᠢ ᠲᠥᠪᠯᠡᠷᠡᠭᠦᠯᠦᠨ ᠵᠠᠰᠠᠪᠠ᠃ | ᠮᠤᠨᠠ ᠠᠭᠤᠯᠠ ᠪᠠᠯᠭᠠᠰᠤᠨ ᠤ ᠶᠠᠨ ᠬᠠᠢ ᠲᠣᠰᠬᠤᠨ ᠤ ᠡᠮᠦᠨᠡᠲᠦ ᠬᠠᠰᠢᠯᠭ᠎ᠠ ᠶᠢᠨ ᠳᠤᠭᠤᠶᠢᠯᠠᠩ ᠤᠨ ᠬᠡᠰᠡᠭ ᠪᠤᠰᠠᠭ ᠡᠯᠡᠰᠦᠨ ᠳᠣᠪᠣᠴᠠᠭ ᠢ | ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠴᠡᠭ ᠤᠨ ᠮᠣᠳᠣ ᠲᠠᠷᠢᠬᠤ ᠠᠬᠤᠢ ᠲᠠᠯᠠᠪᠠᠢ ᠳᠤ᠂ ᠰᠠᠶᠢᠨ ᠳᠤᠷᠠᠴᠤᠳ ᠠᠯᠢᠮ᠎ᠠ᠂ ᠰᠢᠨᠵᠢᠶᠠᠩ ᠤᠨ | ᠴᠢᠪᠠᠭ᠎ᠠ ᠵᠡᠷᠭᠡ ᠡᠯᠡᠰᠦᠨ ᠳᠤ ᠤᠷᠭᠤᠳᠠᠭ ᠮᠣᠳᠣᠨ ᠤ ᠲᠦᠷᠦᠯ ᠢ ᠲᠠᠷᠢᠪᠠ᠃ | | | | | ︽ᠮᠣᠳᠣ ᠳᠠᠷᠢᠵᠤ ᠣᠶᠢᠵᠢᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠦᠰᠡᠯᠡᠯᠲᠡ ᠪᠢᠲᠡᠭᠦᠮᠵᠢᠯᠡᠯ᠂ ᠡᠯᠡᠰᠦᠨ ᠬᠠᠯᠬᠠᠪᠴᠢ ᠪᠠ ᠨᠢᠰᠬᠡᠯ ᠢᠶᠠᠷ | ᠳᠠᠷᠢᠬᠤ ᠲᠠᠢ ᠤᠶᠠᠯᠳᠤᠭᠤᠯᠤᠨ᠂ ᠬᠥᠮᠦᠨ ᠤ ᠬᠦᠴᠦ ᠪᠠᠷ ᠭᠠᠷ ᠳᠦᠷᠦᠵᠦ ᠤᠷᠭᠤᠮᠠᠯ ᠤᠨ ᠬᠤᠴᠢᠯᠭ᠎ᠠ ᠶᠢ ᠨᠡᠮᠡᠭᠳᠡᠭᠦᠯᠬᠦ ᠨᠢ ᠮᠠᠨ ᠤ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ᠂ ᠨᠡᠭᠦᠳᠡᠯ ᠮᠠᠩᠬ᠎ᠠ ᠶᠢ ᠵᠠᠰᠠᠬᠤ ᠳᠤ ᠮᠠᠰᠢ ᠰᠠᠶᠢᠨ ᠬᠢᠵᠠᠭᠠᠷᠯᠠᠬᠤ ᠦᠢᠯᠡᠳᠦᠯ ᠦᠵᠡᠭᠦᠯᠦᠭᠰᠡᠨ ᠪᠠᠶᠢᠨ᠎ᠠ︾ ᠭᠡᠵᠦ | ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠵᠣᠣ ᠭᠦᠸᠧ ᠴᠧᠨ ᠬᠡᠯᠡᠪᠡ᠃ | | | | | ᠡᠨᠡ ᠵᠢᠯ᠂ ᠤᠷᠠᠳ ᠤᠨ ᠡᠮᠦᠨᠡᠲᠦ ᠬᠤᠰᠢᠭᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠤᠯ ᠤᠨ ︽ ᠶᠡᠭᠡ | ᠲᠣᠬᠤᠶ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠲᠦᠰᠢᠭᠯᠡᠨ᠂ ᠲᠣᠬᠤᠢ ᠤᠨ ᠣᠷᠤᠨ ᠤ ᠳᠣᠲᠣᠷᠠᠬᠢ ᠬᠡᠰᠡᠭ ᠪᠤᠰᠠᠭ ᠡᠯᠡᠰᠦᠨ ᠳᠣᠪᠤ ᠶᠢ | ᠵᠠᠰᠠᠬᠤ ᠠᠵᠢᠯ ᠢ ᠥᠷᠨᠢᠭᠦᠯᠵᠦ᠂ 1096.13 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠥᠬᠦ ᠬᠤᠰᠢᠭᠤᠨ ᠤ 19100 ᠮᠥ ᠡᠯᠡᠰᠦᠨ | ᠳᠣᠪᠣᠴᠠᠭ ᠲᠤ ᠠᠭᠤᠯᠠ ᠶᠢ ᠪᠢᠲᠡᠭᠦᠮᠵᠢᠯᠡᠨ ᠣᠶ ᠮᠣᠳᠣ ᠪᠤᠶᠢᠵᠢᠭᠤᠯᠬᠤ᠂ ᠪᠣᠳᠠ ᠮᠣᠳᠣ ᠣᠶᠢᠵᠢᠭᠤᠯᠬᠤ᠂ ᠳᠤᠮᠳᠠ ᠨᠢᠯᠬ᠎ᠠ ᠣᠶ ᠪᠤᠶᠢᠵᠢᠭᠤᠯᠬᠤ ᠵᠡᠷᠭᠡ | ᠠᠷᠭ᠎ᠠ ᠬᠡᠮᠵᠢᠶ᠎ᠡ ᠠᠪᠴᠤ ᠲᠥᠪᠯᠡᠷᠡᠭᠦᠯᠦᠨ ᠵᠠᠰᠠᠪᠠ᠃ ᠣᠳᠣᠬᠠᠨ ᠳᠤ᠂ ᠲᠤᠰ ᠢᠨᠵᠧᠨᠧᠷᠢᠩ ᠶᠢᠨ ᠡᠯ᠎ᠡ ᠬᠡᠷᠡᠭᠵᠢᠭᠦᠯᠬᠦ ᠭᠠᠵᠠᠷ ᠢ ᠵᠠᠯᠭᠠᠭ᠎ᠠ ᠪᠠᠷ | ᠪᠠᠶᠢᠭᠤᠯᠵᠤ ᠪᠠᠶᠢᠨ᠎ᠠ᠃ | | | | | ︽ᠪᠢᠳᠡ 2024 ᠣᠨ 2025 ᠣᠨ ᠤ ᠬᠤᠶᠠᠷ ᠵᠢᠯ ᠤᠨ ᠬᠤᠭᠤᠴᠠᠭᠠᠨ ᠳᠤ᠂ ᠤᠷᠠᠳ ᠤᠨ ᠡᠮᠦᠨᠡᠲᠦ ᠬᠤᠰᠢᠭᠤᠨ ᠤ ᠬᠠᠷᠢᠶ᠎ᠠ ᠣᠷᠣᠨ ᠤ 1. | 91 ᠲᠦᠮᠡᠨ ᠮᠥ ᠨᠡᠭᠦᠳᠡᠯ ᠡᠯᠡᠰᠦᠨ ᠳᠣᠪᠣᠴᠠᠭ ᠢ ᠪᠦᠬᠦᠨ ᠢ ᠵᠠᠰᠠᠵᠤ ᠳᠠᠭᠤᠰᠬᠠᠨ᠂ 2024 ᠣᠨ ᠳᠤ 1.34 ᠲᠦᠮᠡᠨ ᠮᠥ ᠵᠠᠰᠠᠬᠤ ᠪᠠᠷ ᠪᠡᠯᠡᠳᠬᠡᠵᠦ | ᠂ ᠶᠡᠷᠦᠩᠬᠡᠶ ᠲᠠᠯᠠᠪᠠᠶ ᠶᠢᠨ 70 % ᠳᠤ ᠬᠦᠷᠴᠦ᠂ ᠦᠯᠡᠳᠡᠭᠰᠡᠨ ᠬᠡᠰᠡᠭ ᠢ 2025 ᠣᠨ ᠳᠤ ᠪᠦᠬᠦᠨ ᠢ ᠵᠠᠰᠠᠵᠤ ᠳᠠᠭᠤᠰᠬᠠᠬᠤ ᠪᠠᠷ ᠲᠥᠯᠥᠪᠯᠡᠵᠦ ᠪᠣᠶ︾ | ᠭᠡᠵᠦ ᠵᠤᠤ ᠭᠦᠸᠧ ᠴᠧᠨ ᠬᠡᠯᠡᠪᠡ᠃ |