ᠮᠠᠨ ᠤ ᠤᠷᠤᠨ ᠤ 3 ᠪᠦᠲᠦᠭᠡᠯ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠳᠠᠭᠤᠯᠠᠬᠤᠶ ᠶᠢᠨ ᠪᠦᠲᠦᠭᠡᠯ ᠤᠨ ᠦᠵᠡᠭᠦᠯᠭᠡ ᠶᠢᠨ ᠲᠤᠬᠯᠠᠯᠳᠠ ᠳᠤ ᠤᠷᠤᠯᠴᠠᠪᠠ
ᠨᠡᠶᠢᠲᠡᠯᠡᠭᠰᠡᠨ ᠴᠠᠭ᠄
2024/4/24
    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠣᠶᠢᠯᠠᠭᠠᠭᠰᠠᠨ ᠢᠶᠠᠷ᠂ ᠲᠦᠷᠦᠭᠦᠭᠡᠨ ᠭᠤᠸᠠᠩᠰᠢ ᠶᠢᠨ ᠭᠦᠢᠯᠢᠨ ᠳᠤ ᠶᠠᠪᠤᠭᠳᠠᠭᠰᠠᠨ 2024 ᠣᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠳᠠᠭᠤᠯᠠᠬᠤᠶ ᠶᠢᠨ ᠪᠦᠲᠦᠭᠡᠯ ᠤᠨ ᠦᠵᠡᠭᠦᠯᠭᠡ ᠶᠢᠨ ᠲᠤᠬᠯᠠᠯᠳᠠ ᠳᠤ᠂ ᠣᠷᠳᠣᠰ ᠬᠤᠲᠠ ᠶᠢᠨ ᠤᠯᠠᠭᠠᠨᠮᠥ᠋ᠴᠢᠷ ᠤᠨ ᠬᠤᠯᠪᠣᠭ᠎ᠠ ᠬᠠᠮᠳᠤᠯᠢᠭ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠮᠠᠭᠲᠠᠭᠠᠯ︾᠂ ᠪᠤᠭᠤᠲᠤ ᠬᠤᠲᠠ ᠶᠢᠨ ᠤᠷᠠᠯᠢᠭ ᠵᠦᠴᠦᠭᠡ ᠶᠢᠨ ᠬᠦᠷᠢᠶᠡᠯᠡᠩ ᠤᠨ ᠴᠡᠯᠡᠭᠡᠷ ᠬᠠᠮᠳᠤᠯᠢᠭ ᠤᠨ ︽ᠵᠢᠭᠠᠬᠠᠨ ᠬᠥᠬᠡ ᠰᠠᠷᠠᠯ︾ ᠵᠢᠴᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠲᠤᠯᠤᠭᠠᠨ ᠠᠶᠠᠯᠭᠤ ᠬᠠᠮᠳᠤᠯᠢᠭ ᠤᠨ ︽ᠶᠦᠡᠭᠷᠦ᠋ᠮ᠎ᠠ︾ ᠵᠡᠷᠭᠡ 3 ᠪᠦᠲᠦᠭᠡᠯ ᠴᠤᠯᠭᠤᠷᠠᠨ ᠭᠠᠷᠴᠤ᠂ ᠮᠠᠨ ᠤ ᠣᠷᠣᠨ ᠤ ᠰᠣᠶᠣᠯ ᠤᠷᠠᠯᠢᠭ ᠤᠨ ᠬᠦᠷᠢᠶᠡᠨ ᠳᠠᠬᠢ ᠠᠭᠤᠰᠤᠯᠴᠠᠨ ᠰᠢᠨ᠎ᠡ ᠶᠢ ᠡᠭᠦᠳᠬᠦ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃   ᠲᠠᠨᠢᠯᠴᠠᠭᠤᠯᠤᠭᠰᠠᠨ ᠢᠶᠠᠷ᠂ ᠡᠨᠡ 3 ᠪᠦᠲᠦᠭᠡᠯ ᠢ ᠪᠤᠯ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠤᠯᠠᠭᠠᠨᠮᠥ᠋ᠴᠢᠷ᠂ ᠤᠷᠠᠯᠢᠭ ᠤᠨ ᠳᠡᠭᠡᠳᠦ ᠰᠤᠷᠭᠠᠭᠤᠯᠢ ᠶᠢᠨ ᠪᠦᠯᠬᠦᠮ ᠨᠡᠶᠢᠳᠡ ᠪᠤᠶᠤ ᠬᠤᠪᠢ ᠬᠥᠮᠦᠨ ᠤ ᠮᠡᠳᠡᠭᠦᠯᠦᠭᠰᠡᠨ 176 ᠪᠦᠲᠦᠭᠡᠯ ᠠᠴᠠ ᠰᠤᠩᠭᠤᠨ ᠲᠡᠪᠰᠢᠬᠦᠯᠵᠡᠢ᠃ ᠡᠭᠦᠨ ᠳᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠮᠠᠭᠲᠠᠭᠠᠯ︾ ᠨᠢ ᠤᠷᠠᠯᠢᠭ ᠤᠨ ᠨᠥᠯᠥᠭᠡᠯᠡᠬᠦ ᠬᠦᠴᠦᠨ ᠢᠶᠠᠷ ᠪᠢᠯᠬᠠᠮ᠎ᠠ ᠬᠤᠯᠪᠤᠭ᠎ᠠ ᠤᠷᠠᠯᠢᠭ ᠪᠠᠶᠢᠵᠤ᠂ ᠦᠨᠳᠦᠰᠦᠨ ᠱᠠᠲᠤᠨ ᠤ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠨᠠᠨᠳᠢᠩᠨᠠᠨ ᠡᠷᠬᠢᠮᠯᠡᠳᠡᠭ ᠪᠣᠷᠣᠭᠵᠢᠭᠤᠨ ᠬᠠᠶᠢᠷ᠎ᠠ ᠰᠡᠳᠭᠢᠯᠭᠡ ᠶᠢ ᠳᠠᠮᠵᠢᠭᠤᠯᠪᠠ︔ ︽ᠵᠢᠭᠠᠬᠠᠨ ᠬᠥᠬᠡ ᠰᠠᠷᠠᠯ︾ ᠪᠣᠯ ᠥᠪᠥᠷ ᠮᠣᠩᠭᠤᠯ ᠪᠣᠯᠤᠨ ᠱᠠᠨ ᠰᠢ ᠶᠢᠨ ᠬᠢᠯᠢ ᠪᠠᠷ ᠤᠯᠠᠮᠵᠢᠯᠠᠬᠳᠠᠨ ᠳᠡᠯᠭᠡᠷᠡᠭᠰᠡᠨ ᠴᠣ ᠰᠢᠨ᠎ᠡ ᠠᠷᠠᠳ ᠤᠨ ᠳᠠᠭᠤᠤ ᠪᠠᠶᠢᠵᠤ᠂ ᠦᠨᠳᠦᠰᠦᠲᠡᠨ ᠤ ᠠᠭᠤᠰᠤᠯᠴᠠᠯ ᠪᠠ ᠰᠣᠶᠣᠯ ᠤᠨ ᠠᠭᠤᠰᠤᠯᠴᠠᠯ ᠢ ᠲᠡᠯᠭᠡᠨ ᠦᠵᠡᠬᠦᠯᠪᠡ︔ ︽ᠶᠦᠩᠷᠦ᠋ᠮ᠎ᠠ︾ ᠨᠢ ᠥᠪᠡᠷᠮᠢᠴᠡ ᠳᠠᠭᠤᠤ ᠬᠥᠭᠵᠢᠮ ᠤᠨ ᠦᠭᠡ ᠬᠡᠯᠡ ᠪᠠ ᠭᠦᠨ ᠰᠡᠳᠭᠢᠯᠭᠡ ᠲᠠᠢ ᠲᠣᠭᠯᠠᠯᠲᠠ ᠪᠠᠷ ᠳᠠᠮᠵᠢᠭᠤᠯᠤᠨ᠂ ᠥᠪᠥᠷ ᠮᠣᠩᠭᠤᠯ ᠤᠨ ᠠᠷᠠᠳ ᠤᠨ ᠤᠷᠠᠯᠢᠭ ᠤᠨ ᠭᠦᠨ ᠵᠤᠵᠠᠭᠠᠨ ᠠᠭᠤᠯᠤᠭᠳᠠᠬᠤᠨ ᠪᠠ ᠥᠪᠡᠷᠮᠢᠴᠡ ᠬᠡᠪ ᠨᠠᠮᠪᠠ ᠶᠢ ᠢᠯᠡᠷᠡᠭᠦᠯᠦᠭᠰᠡᠨ ᠪᠠᠶᠢᠨ᠎ᠠ᠃ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠭᠦᠯᠭᠡ ᠶᠢᠨ ᠲᠤᠬᠯᠠᠯᠳᠠ ᠨᠢ ᠡᠯ᠎ᠡ ᠭᠠᠵᠠᠷ ᠣᠷᠣᠨ᠂ ᠡᠯ᠎ᠡ ᠦᠨᠳᠦᠰᠦᠲᠡᠨ ᠤ ᠤᠯᠠᠮᠵᠢᠯᠠᠯᠲᠤ ᠳᠠᠭᠤᠤ ᠬᠥᠭᠵᠢᠮ ᠪᠠ ᠣᠯᠠᠨ ᠵᠦᠢᠯ ᠤᠨ ᠳᠠᠭᠤᠯᠠᠬᠤᠢ ᠶᠢᠨ ᠠᠷᠭ᠎ᠠ ᠶᠢ ᠬᠠᠮᠤᠷᠴᠤ᠂ ᠦᠨᠳᠦᠰᠦᠲᠡᠨ ᠤ ᠳᠠᠭᠤᠤ ᠬᠥᠭᠵᠢᠮ ᠢ ᠠᠭᠤᠰᠤᠯᠴᠠᠭᠤᠯᠤᠭᠰᠠᠨ ᠦᠪᠡᠳᠡᠭᠰᠢ ᠶᠡᠭᠡ ᠨᠠᠶᠢᠷ ᠪᠣᠯᠤᠭᠰᠠᠨ ᠢᠶᠠᠷ ᠪᠠᠷᠠᠬᠤ ᠥᠬᠡᠶ᠂ ᠨᠠᠩ ᠴᠤ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠪᠡᠳᠡᠭᠰᠢ ᠶᠡᠭᠡ ᠴᠤᠭᠯᠠᠭᠠᠨ ᠪᠣᠯᠵᠣ᠂ ᠦᠵᠡᠭᠴᠢᠳ ᠲᠤ ᠳᠠᠭᠤᠤ ᠬᠥᠭᠵᠢᠮ ᠤᠨ ᠳᠤᠮᠳᠠ ᠠᠴᠠ ᠰᠣᠶᠣᠯ ᠤᠨ ᠠᠭᠤᠰᠤᠯᠴᠠᠯ ᠪᠠ ᠴᠠᠭ ᠦᠶ᠎ᠡ ᠶᠢᠨ ᠴᠤᠤᠷᠢᠶ᠎ᠠ ᠶᠢ ᠮᠡᠳᠡᠷᠡᠭᠦᠯᠦᠭᠰᠡᠨ ᠪᠠᠶᠢᠨ᠎ᠠ᠃   ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠢᠶᠠᠷ᠂ ᠲᠤᠰ ᠤᠳᠠᠭ᠎ᠠ ᠶᠢᠨ ᠦᠵᠡᠭᠦᠯᠭᠡ ᠶᠢᠨ ᠲᠤᠬᠯᠠᠯᠳᠠ ᠳᠤ ᠣᠷᠣᠯᠴᠠᠭᠰᠠᠨ ᠨᠢ ᠮᠠᠨ ᠤ ᠣᠷᠣᠨ ᠤ ᠰᠣᠶᠣᠯ ᠤᠷᠠᠯᠢᠭ ᠤᠨ ᠴᠢᠨᠠᠭᠰᠢᠳᠠ ᠶᠢᠨ ᠬᠥᠭᠵᠢᠯᠲᠡ ᠪᠠ ᠰᠢᠨ᠎ᠡ ᠡᠭᠦᠳᠦᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠂ ᠮᠠᠨ ᠤ ᠣᠷᠣᠨ ᠦᠨᠳᠦᠰᠦᠲᠡᠨ ᠤ ᠰᠣᠶᠣᠯ ᠤᠨ ᠤᠤᠷ ᠲᠤᠨᠳᠠᠰᠤ ᠶᠢ ᠦᠷᠭᠦᠯᠵᠢᠯᠡᠨ ᠭᠦᠨᠵᠡᠭᠡᠢ ᠠᠭᠤᠳᠠᠯᠵᠤ᠂ ᠦᠨᠳᠦᠰᠦᠲᠡᠨ ᠤ ᠰᠣᠶᠣᠯ ᠤᠨ ᠤᠯᠠᠮᠵᠢᠯᠠᠯ ᠪᠠ ᠰᠢᠨ᠎ᠡ ᠡᠭᠦᠳᠦᠯᠲᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ