︽5 · 1︾ ᠠᠴᠠ ᠡᠮᠦᠨ᠎ᠡ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠳᠠᠬᠢᠨ ᠲᠣᠬᠢᠷᠠᠭᠤᠯᠪᠠ ᠮᠠᠨ ᠤ ᠣᠷᠣᠨ ᠤ 120 ᠺᠢᠯᠦᠮᠧᠲᠷ / ᠴᠠᠭ ᠤᠨ ᠲᠦᠷᠭᠡᠨ ᠤ ᠵᠠᠰᠠᠮᠠᠯ ᠵᠠᠮ 4600 ᠺᠢᠯᠦᠮᠧᠲᠷ ᠢ ᠳᠠᠪᠠᠭ᠋ᠤ ᠪᠣᠯᠣᠨ᠎ᠠ
ᠨᠡᠶᠢᠲᠡᠯᠡᠭᠰᠡᠨ ᠴᠠᠭ᠄
2024/4/24
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ 4 ᠳ᠋ᠦ᠋ᠭᠡᠷ ᠰᠠᠷ᠎ᠠ ᠶᠢᠨ ᠡᠬᠢᠨ ᠢᠶᠠᠷ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠣᠷᠣᠨ ᠨᠢᠭᠡᠨᠲᠡ 6 ᠪᠦᠯᠦᠭ 22 ᠬᠡᠰᠡᠭ 3200 ᠭᠠᠷᠤᠢ ᠺᠢᠯᠦᠮᠧᠲᠷ ᠤᠨ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ ᠲᠣᠬᠢᠷᠠᠭᠤᠯᠤᠯᠲᠠ ᠶᠢᠨ ᠠᠯᠪᠠᠨ ᠵᠠᠷ ᠨᠡᠶᠢᠲᠡᠯᠡᠵᠦ᠂ ᠵᠢᠱᠢᠯᠲᠡ ᠪᠠᠷ ︽5 · 1︾ ᠠᠴᠠ ᠡᠮᠦᠨ᠎ᠡ ᠮᠠᠨ ᠤ ᠣᠷᠣᠨ ᠤ 120  ᠺᠢᠯᠦᠮᠧᠲᠷ / ᠴᠠᠭ ᠤᠨ ᠬᠤᠷᠳᠤᠴᠠ ᠶᠢᠨ ᠬᠢᠵᠠᠭᠠᠷ ᠲᠠᠢ ᠠᠵᠢᠯᠯᠠᠭᠤᠯᠤᠨ ᠬᠠᠮᠢᠶᠠᠷᠴᠤ ᠪᠠᠶᠢᠭ᠎ᠠ ᠲᠦᠷᠭᠡᠨ ᠤ ᠵᠠᠰᠠᠮᠠᠯ ᠵᠠᠮ 4600  ᠺᠢᠯᠦᠮᠧᠲᠷ ᠢ ᠳᠠᠪᠠᠵᠤ᠂ ᠪᠥᠬᠦ ᠣᠷᠣᠨ ᠤ ᠲᠦᠷᠭᠡᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠵᠠᠮ ᠤᠨ 58% ᠶᠢ ᠡᠵᠡᠯᠡᠬᠦ ᠪᠣᠯᠣᠨ᠎ᠠ᠃    ︽ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠳᠡᠭᠡᠭᠰᠢᠯᠡᠭᠦᠯᠬᠦ ᠨᠢ ᠬᠤᠷᠳᠤᠴᠠ ᠶᠢ ᠬᠢᠵᠠᠭᠠᠷᠯᠠᠬᠤ ᠲᠡᠮᠳᠡᠭ ᠢ ᠲᠣᠬᠢᠷᠠᠭᠤᠯᠬᠤ ᠶᠠᠪᠤᠳᠠᠯ ᠲᠡᠳᠦᠢ ᠪᠢᠰᠢ᠂ ᠬᠠᠷᠢᠨ ᠮᠡᠷᠭᠡᠵᠢᠯ ᠤᠨ ᠦᠨᠡᠯᠡᠯᠲᠡ ᠬᠢᠬᠦ᠂ ᠳᠤᠲᠠᠭᠳᠠᠯ ᠢ ᠰᠢᠢᠳᠪᠦᠷᠢᠯᠡᠬᠦ᠂ ᠪᠡᠯᠡᠳᠬᠡᠮᠵᠢ ᠶᠢ ᠲᠡᠭᠦᠯᠳᠡᠷᠵᠢᠭᠦᠯᠬᠦ᠂ ᠲᠤᠬᠠᠢ ᠶᠢᠨ ᠭᠠᠵᠠᠷ ᠲᠤ ᠨᠤᠲᠠᠯᠠᠬᠤ᠂ ᠨᠡᠶᠢᠲᠡ ᠳᠤ ᠵᠠᠷᠯᠠᠨ ᠠᠵᠢᠯᠯᠠᠭᠤᠯᠬᠤ ᠬᠡᠷᠡᠭᠲᠡᠢ᠃︾ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠣ ᠱᠢ ᠴᠢᠨ ᠲᠠᠨᠢᠯᠴᠠᠭᠤᠯᠤᠭᠰᠠᠨ ᠨᠢ᠂ 6 ᠪᠦᠯᠦᠭ ᠬᠤᠷᠳᠤᠴᠠ ᠶᠢ ᠳᠡᠭᠡᠭᠰᠢᠯᠡᠭᠦᠯᠦᠭᠰᠡᠨ ᠵᠠᠮ ᠤᠨ ᠬᠡᠰᠡᠭ ᠲᠤ᠂ ᠨᠡᠶᠢᠲᠡ 2.3 ᠲᠦᠮᠡᠨ ᠭᠤᠣᠯ ᠫᠠᠷᠠᠮᠧᠳ᠋ᠷ ᠢ ᠬᠠᠷᠭᠤᠭᠤᠯᠵᠤ᠂ ᠠᠳᠡᠯ ᠤᠨ ᠪᠦᠷᠢᠳᠬᠡᠯ ᠤᠨ ᠮᠠᠲ᠋ᠧᠷᠢᠶᠠᠯ ᠪᠠ ᠵᠠᠮ ᠬᠠᠷᠢᠯᠴᠠᠭᠠᠨ ᠤ ᠤᠷᠤᠰᠬᠠᠯ ᠤᠨ ᠳ᠋ᠠᠶᠢᠲ᠋ᠠ ᠶᠢ 2000 ᠭᠠᠷᠤᠢ ᠵᠤᠷᠪᠤᠰ ᠬᠠᠷᠭᠤᠭᠤᠯᠵᠤ᠂ ᠵᠠᠮ ᠤᠨ ᠠᠩᠭᠠᠷᠬᠠᠢ ᠶᠢ 317 ᠲᠦᠮᠡᠨ ᠰᠤᠨᠤᠮᠠᠯ ᠮᠧᠳ᠋ᠷ ᠪᠥᠭᠯᠡᠵᠦ᠂ ᠴᠥᠮᠥᠷᠡᠭᠰᠡᠨ ᠬᠤᠲᠦ᠋ᠢᠭ᠌ᠰᠠᠨ ᠬᠡᠰᠡᠭ ᠢ 1.5 ᠲᠦᠮᠡᠨ ᠺᠦᠸᠠᠲ ᠮᠧᠳ᠋ᠷ ᠵᠠᠰᠠᠵᠤ᠂ ᠬᠥᠭᠦᠷᠭᠡᠨ ᠤ ᠦᠵᠦᠭᠦᠷ ᠤᠨ ᠲᠡᠷᠭᠡ ᠬᠠᠷᠠᠶᠢᠬᠤ ᠬᠡᠰᠡᠭ ᠢ 39 ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠶᠢ 3250 ᠲᠡᠭᠦᠯᠳᠡᠷᠵᠢᠭᠦᠯᠵᠦ᠂ 3067 ᠲᠡᠮᠳᠡᠭ ᠢ ᠰᠢᠨ᠎ᠡ ᠪᠠᠷ ᠨᠡᠮᠡᠭᠰᠡᠨ ᠪᠤᠶᠤ ᠵᠠᠰᠠᠨ ᠰᠣᠯᠢᠵᠤ᠂ 1.07 ᠲᠦᠮᠡᠨ ᠺᠦᠸᠠᠲ ᠮᠧᠳ᠋ᠷ ᠱᠤᠭᠤᠮ ᠵᠢᠷᠤᠵᠠᠢ᠃ ︽ᠳᠠᠷᠠᠭ᠎ᠠ ᠪᠠᠷ ᠪᠢᠳᠡ ᠠᠮᠤᠷ ᠲᠦᠪᠰᠢᠨ ᠤ ᠲᠠᠯ᠎ᠠ ᠠᠴᠠ ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠪᠠ ᠰᠡᠭᠦᠯᠴᠢ ᠶᠢᠨ ᠦᠨᠡᠯᠡᠨ ᠵᠢᠱᠢᠯᠲᠡ ᠶᠢ ᠭᠤᠣᠯᠳᠠᠯᠭ᠎ᠠ ᠲᠠᠢ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠢᠭᠡ ᠨᠢ ᠪᠣᠯᠪᠠᠰᠤᠷᠠᠩᠭᠤᠢ ᠪᠣᠯᠪᠠᠯ ᠲᠡᠭᠦᠨ ᠢᠶᠠᠨ ᠵᠠᠷᠯᠠᠨ ᠬᠡᠷᠡᠭᠵᠢᠭᠦᠯᠵᠦ ᠠᠮᠤᠷ ᠲᠦᠪᠰᠢᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃︾ ᠭᠡᠵᠦ ᠭᠤᠤ ᠱᠢ ᠴᠢᠨ ᠬᠡᠯᠡᠪᠡ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ