ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠦᠨ᠎ᠡ
ᠨᠡᠶᠢᠲᠡᠯᠡᠭᠰᠡᠨ ᠴᠠᠭ᠄
2024/4/26
    ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠤᠰᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠣᠶᠢᠷ᠎ᠠ ᠳᠤ᠂ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠠᠴᠠ ᠮᠡᠳᠡᠭᠳᠡᠯ ᠪᠠᠭᠤᠯᠭᠠᠵᠦ᠂ ᠨᠡᠶᠢᠭᠡᠮ ᠤᠨ ᠬᠡᠷᠡᠭ ᠶᠠᠪᠤᠳᠠᠯ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠵᠢᠷᠤᠮᠵᠢᠭᠤᠯᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠬᠢᠪᠠ᠃    ︽ᠮᠡᠳᠡᠭᠳᠡᠯ︾ ᠳᠤ ᠲᠤᠰᠬᠠᠶ ᠴᠡᠭᠴᠡᠯᠡᠨ ᠵᠠᠰᠠᠬᠤ ᠬᠡᠪᠴᠢᠶ᠎ᠡ ᠪᠠ ᠬᠠᠷᠠᠯᠲᠠ ᠶᠢ ᠲᠣᠳᠣᠷᠬᠠᠶᠢᠯᠠᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠯᠤᠭ᠎ᠠ ᠬᠠᠮᠢᠶ᠎ᠠ ᠥᠬᠡᠶ ᠠᠵᠢᠯᠯᠠᠭ᠎ᠠ ᠪᠠ ᠠᠵᠢᠯ ᠢ ᠰᠤᠷᠭᠠᠭᠤᠯᠢ ᠶᠢᠨ ᠬᠦᠷᠢᠶᠡᠨ ᠳᠤ ᠳᠤᠷ᠎ᠠ ᠪᠠᠷ ᠢᠶᠠᠨ ᠣᠷᠣᠭᠤᠯᠬᠤ ᠪᠠᠶᠢᠳᠠᠯ ᠵᠢᠴᠢ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠠᠪᠤᠴᠠ ᠳᠤ ᠣᠷᠣ ᠮᠥᠷ ᠢ ᠴᠢᠬᠤᠯᠠᠴᠢᠯᠠᠨ ᠪᠣᠳᠠᠲᠤ ᠦᠷ᠎ᠡ ᠪᠦᠲᠦᠮᠵᠢ ᠶᠢ ᠬᠥᠩᠭᠡᠪᠴᠢᠯᠡᠬᠦ ᠬᠡᠯᠪᠡᠷᠢᠴᠢ ᠦᠵᠡᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠬᠢᠨᠠᠨ ᠵᠥᠪᠰᠢᠶᠡᠷᠡᠵᠦ ᠮᠡᠳᠡᠭᠦᠯᠦᠨ ᠳᠠᠩᠰᠠᠯᠠᠭᠤᠯᠬᠤ ᠲᠦᠷᠢᠮ ᠪᠠ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ ᠬᠡᠵᠠᠢ᠃   ︽ᠮᠡᠳᠡᠭᠳᠡᠯ︾ ᠳᠤ ᠳᠥᠷᠪᠡᠨ ᠵᠦᠢᠯ ᠤᠨ ᠭᠤᠤᠯ ᠡᠭᠦᠷᠭᠡ ᠶᠢ ᠳᠤᠷᠠᠳᠪᠠ᠃ ᠨᠢᠭᠡ ᠳᠤ ᠣᠶᠢᠷ᠎ᠠ ᠶᠢᠨ ᠵᠢᠯ ᠤᠨ ᠲᠤᠷᠰᠢᠬᠢ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠪᠠᠶᠢᠳᠠᠯ ᠢ ᠰᠢᠰᠲ᠋ᠧᠮ ᠲᠠᠢ ᠤᠶᠢᠯᠠᠭᠠᠨ ᠵᠢᠭᠰᠠᠭᠠᠵᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠲᠣᠭᠲᠠᠭᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃ ᠬᠤᠶᠠᠷ ᠲᠤ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠬᠢᠨᠠᠨ ᠵᠥᠪᠰᠢᠶᠡᠷᠡᠵᠦ ᠮᠡᠳᠡᠭᠦᠯᠦᠨ ᠳᠠᠩᠰᠠᠯᠠᠭᠤᠯᠬᠤ ᠲᠦᠷᠢᠮ ᠢ ᠪᠠᠶᠢᠭᠤᠯᠵᠤ᠂ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠢᠳᠡᠬᠡᠮᠵᠢᠳᠦ ᠨᠡᠷᠡᠰ ᠢ ᠨᠡᠶᠢᠭᠡᠮ ᠳᠤ ᠨᠡᠶᠢᠲᠡᠯᠡᠨ᠎ᠡ᠃ ᠭᠤᠷᠪᠠ ᠳᠤ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠣᠳᠠᠲᠠᠶ ᠲᠥᠰᠦᠯ ᠢ ᠬᠢᠨᠠᠨ ᠬᠠᠷᠭᠤᠭᠤᠯᠵᠤ᠂ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠶᠢᠳᠭᠡᠵᠦ᠂ ᠠᠵᠢᠯᠯᠠᠭ᠎ᠠ ᠶᠢᠨ ᠬᠡᠪᠴᠢᠶ᠎ᠡ ᠪᠠ ᠴᠠᠭ ᠢ ᠴᠢᠩᠭ᠎ᠠ ᠡᠵᠡᠮᠳᠡᠵᠦ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠠ᠃ ᠳᠥᠷᠪᠡ ᠳᠤ ᠬᠢᠨᠠᠨ ᠬᠡᠮᠵᠢᠬᠦ᠂ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠵᠢᠷᠤᠮᠵᠢᠭᠤᠯᠤᠨ᠎ᠠ᠃   ︽ᠮᠡᠳᠡᠭᠳᠡᠯ︾ ᠳᠤ ᠡᠯ᠎ᠡ ᠭᠠᠵᠠᠷ ᠤᠨ ᠬᠢᠨ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠰᠤᠷᠭᠠᠨ ᠬᠥᠮᠦᠵᠢᠯ ᠤᠨ ᠰᠢᠰᠲ᠋ᠧᠮ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠴᠢᠬᠤᠯᠠ ᠠᠵᠢᠯ ᠪᠣᠯᠭᠠᠨ ᠠᠳᠬᠤᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠂ ᠪᠠᠭᠰᠢ ᠰᠤᠷᠤᠭᠴᠢᠳ ᠤᠨ ᠬᠦᠷᠲᠡᠮᠵᠢ ᠶᠢᠨ ᠲᠥᠷᠥᠭᠳᠡᠯ ᠢᠶᠠᠷ ᠲᠤᠰᠬᠠᠶ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠶ ᠭᠡᠵᠦ ᠱᠠᠭᠠᠷᠳᠠᠪᠠ᠃    ᠢᠷᠡᠯᠲᠡ᠄ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ