ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠭᠠᠯᠲᠤ ᠲᠡᠷᠭᠡ ᠲᠤᠬᠢᠷᠠᠭᠤᠯᠤᠨ ᠨᠡᠮᠡᠵᠦ ᠲᠠᠯ᠎ᠠ ᠨᠤᠲᠤᠭ ᠤᠨ ᠵᠢᠭᠤᠯᠴᠢᠯᠠᠯ ᠤᠨ ᠤᠯᠠᠷᠢᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/4/26
     ᠡᠨᠡ ᠵᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ  ᠰᠠᠶᠢᠨ ᠰᠠᠶᠢᠬᠠᠨ ᠵᠢᠰᠢᠯᠲᠡ ᠳᠤ ᠰᠠᠭᠤᠷᠢᠯᠠᠨ᠂ ᠤᠳᠠᠯ ᠦᠭᠡᠢ ᠬᠦᠷᠴᠦ ᠢᠷᠡᠬᠦ ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡᠢ ᠤᠯᠠᠷᠢᠯ ᠳᠤ ᠵᠥᠭᠡᠭᠡᠪᠦᠷᠢ ᠶᠢᠨ ᠴᠢᠳᠠᠪᠬᠢ ᠶᠢᠨ ᠪᠡᠯᠡᠳᠬᠡᠯ ᠠᠵᠢᠯ ᠢ ᠭᠦᠢᠴᠡᠳ ᠬᠢᠬᠦ ᠶᠢᠨ ᠲᠦᠯᠦᠭᠡ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠨᠠᠷᠢᠨ ᠨᠢᠮᠪᠠᠢ ᠲᠣᠬᠢᠷᠠᠭᠤᠯᠤᠨ᠂ ᠵᠢᠭᠤᠯᠴᠢᠯᠠᠯ ᠤᠨ ᠬᠠᠯᠠᠮᠰᠢᠯ ᠭᠠᠵᠠᠷ ᠣᠷᠣᠨ ᠤ ᠵᠥᠭᠡᠭᠡᠪᠦᠷᠢ ᠶᠢᠨ ᠬᠦᠴᠦᠨ ᠴᠢᠳᠠᠪᠬᠢ ᠶᠢ ᠭᠤᠣᠯᠳᠠᠯᠭ᠎ᠠ ᠲᠠᠢ ᠴᠢᠩᠭᠠᠳᠬᠠᠵᠤ᠂ ︽ᠵᠢᠭᠤᠯᠴᠢᠯᠠᠭᠰᠠᠳ ᠢ ᠥᠪᠥᠷ ᠮᠣᠩᠭᠤᠯ ᠳᠤ ᠲᠠᠲᠠᠬᠤ︾ ᠳᠤ ᠪᠠᠲᠤᠯᠠᠭ᠎ᠠ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃     ᠣᠶᠢᠷ᠎ᠠ ᠶᠢᠨ ᠬᠤᠭᠤᠴᠠᠭᠠᠨ ᠳᠤ ᠨᠢᠭᠡᠨᠲᠡ ᠨᠡᠪᠲᠡᠷᠡᠭᠰᠡᠨ ᠬᠥᠬᠡᠬᠤᠲᠠ ᠪᠣᠯᠣᠨ ᠰᠢᠯᠢᠩᠬᠤᠲᠠ ᠶᠢᠨ ᠬᠤᠭᠤᠷᠣᠨᠳᠣᠬᠢ K7920/1᠂ K7922/19 ᠤᠳᠠᠭ᠎ᠠ ᠶᠢᠨ ᠠᠶᠠᠨᠴᠢᠳ ᠤᠨ ᠭᠠᠯᠲᠤ ᠲᠡᠷᠭᠡ ᠨᠢ ᠬᠥᠬᠡᠬᠤᠲᠠ᠂ ᠬᠥᠬᠡᠬᠤᠲᠠ ᠶᠢᠨ ᠵᠡᠭᠦᠨ᠂ ᠵᠢᠨᠢᠩ ᠤᠨ ᠡᠮᠦᠨ᠎ᠡ᠂ ᠱᠠᠩᠳᠤ᠂  ᠬᠤᠸᠠ ᠳ᠋ᠧ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠠᠩ ᠤᠨ ᠳᠠᠯᠠᠢ ︵ᠰᠢᠯᠤᠭᠤᠨ ᠬᠥᠬᠡ ᠬᠤᠰᠢᠭᠤ︶ ᠪᠣᠯᠣᠨ ᠰᠢᠯᠢᠩᠬᠤᠲᠠ ᠵᠡᠷᠭᠡ 8 ᠲᠡᠷᠭᠡᠨ ᠦᠷᠳᠡᠭᠡ ᠪᠠᠷ ᠵᠣᠭᠰᠣᠨ ᠥᠩᠭᠡᠷᠡᠵᠦ᠂ ᠬᠥᠬᠡᠬᠤᠲᠠ ᠪᠣᠯᠣᠨ ᠰᠢᠯᠢᠩᠬᠤᠲᠠ ᠶᠢᠨ ᠬᠤᠭᠤᠷᠣᠨᠳᠣᠬᠢ ᠠᠶᠠᠨᠴᠢᠳ ᠤᠨ ᠭᠠᠯᠲᠤ ᠲᠡᠷᠭᠡ ᠡᠳᠦᠷ ᠪᠦᠷᠢ 4 ᠬᠤᠣᠰ ᠪᠣᠯᠪᠠ᠃ ᠡᠭᠦᠨ ᠠᠴᠠ ᠭᠠᠳᠠᠨ᠎ᠠ᠂ ᠰᠢᠯᠢᠩᠬᠤᠲᠠ ᠳ᠋ᠠᠪᠠᠨ ᠤ ᠬᠤᠭᠤᠷᠣᠨᠳᠤ ᠶᠠᠪᠤᠬᠤ K7936/7᠂ K7938/5 ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠶᠢ ᠥᠩᠭᠡᠷᠡᠭᠰᠡᠨ ᠤ ᠡᠳᠦᠷ ᠠᠯᠤᠰᠯᠠᠨ ᠶᠠᠪᠤᠭᠤᠯᠵᠤ ᠪᠠᠶᠢᠭᠰᠠᠨ ᠠᠴᠠ ᠡᠳᠦᠷ ᠪᠦᠷᠢ ᠶᠠᠪᠤᠭᠤᠯᠬᠤ ᠪᠣᠯᠭᠠᠨ ᠥᠭᠡᠷᠡᠴᠢᠯᠡᠵᠦ᠂ ᠰᠢᠯᠢᠩᠬᠤᠲᠠ᠂ ᠵᠢᠩᠫᠧᠩ ︵ᠬᠡᠰᠢᠭᠲᠡᠨ ᠬᠤᠰᠢᠭᠤ︶᠂ ᠯᠢᠨᠰᠢ ᠪᠣᠯᠣᠨ ᠳ᠋ᠠᠪᠠᠨ ︵ᠪᠠᠭᠠᠷᠢᠨ ᠪᠠᠷᠠᠭᠤᠨ ᠬᠤᠰᠢᠭᠤ︶ ᠵᠡᠷᠭᠡ 4 ᠲᠡᠷᠭᠡᠨ ᠥᠷᠲᠡᠭᠡ ᠪᠠᠷ ᠵᠣᠭᠰᠣᠵᠤ ᠥᠩᠭᠡᠷᠡᠨ᠎ᠡ᠃ ᠲᠡᠭᠡᠭᠡᠪᠦᠷᠢ ᠶᠢᠨ ᠬᠦᠴᠦᠨ ᠢ ᠰᠢᠨ᠎ᠡ ᠪᠠᠷ ᠨᠡᠮᠡᠭᠳᠡᠭᠦᠯᠦᠭᠰᠡᠨ ᠠᠶᠠᠨᠴᠢᠳ ᠤᠨ ᠭᠠᠯᠲᠤ ᠲᠡᠷᠭᠡ ᠤᠯᠠᠭᠠᠨᠪᠤᠲᠤᠩ ᠤᠨ ᠲᠠᠯ᠎ᠠ ᠨᠤᠲᠤᠭ᠂ ᠬᠡᠰᠢᠭᠲᠡᠨ ᠤ ᠴᠢᠯᠠᠭᠤᠨ ᠤᠢ᠂ ᠳᠠᠯᠠᠢ ᠨᠠᠭᠤᠷ᠂ ᠰᠢᠯᠢ ᠶᠢᠨ ᠵᠢᠰᠦᠨ ᠮᠤᠷᠤᠢ᠂  ᠪᠠᠶᠢᠰᠠ ᠶᠢᠨ ᠰᠦᠮ᠎ᠡ ᠵᠡᠷᠭᠡ ᠠᠯᠢ ᠤᠯᠠᠨ ᠨᠡᠷᠡᠳᠦ ᠵᠤᠭᠠᠴᠠᠯ ᠤᠨ ᠦᠵᠡᠮᠵᠢ ᠶᠢᠨ ᠣᠷᠣᠨ ᠢᠶᠠᠷ ᠥᠩᠭᠡᠷᠡᠵᠦ᠂ ᠠᠶᠠᠨᠴᠢᠳ ᠤᠨ ᠲᠠᠯ᠎ᠠ ᠨᠤᠲᠤᠭ ᠢᠶᠠᠷ ᠵᠤᠭᠠᠴᠠᠬᠤ ᠳᠤ ᠨᠡᠩ ᠡᠯᠪᠡᠭ ᠪᠠᠶᠠᠯᠢᠭ ᠵᠤᠭᠠᠴᠠᠯ ᠤᠨ ᠰᠣᠩᠭᠤᠯᠲᠠ ᠬᠠᠩᠭᠠᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ