︽ᠤᠮᠠᠷᠠᠲᠤ ᠬᠢᠵᠠᠭᠠᠷ ᠤᠨ ᠰᠣᠶᠣᠯ ᠰᠤᠳᠤᠯᠤᠯ︾ ᠰᠡᠳᠬᠦᠯ ᠬᠡᠪᠯᠡᠯ ᠡᠬᠢᠯᠡᠪᠡ
ᠨᠡᠶᠢᠲᠡᠯᠡᠭᠰᠡᠨ ᠴᠠᠭ᠄
2024/4/26
    ᠤᠮᠠᠷᠠᠲᠤ ᠬᠢᠯᠢ ᠶᠢᠨ ᠰᠣᠶᠣᠯ ᠢᠶᠠᠷ ᠰᠤᠳᠤᠯᠤᠭᠳᠠᠬᠤᠨ ᠢᠶᠠᠨ ᠪᠣᠯᠭᠠᠭᠰᠠᠨ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠤᠮᠠᠷᠠᠲᠤ ᠬᠢᠵᠠᠭᠠᠷ ᠤᠨ ᠰᠣᠶᠣᠯ ᠰᠤᠳᠤᠯᠤᠯ︾ ᠬᠤᠤᠰ ᠰᠠᠷ᠎ᠠ ᠶᠢᠨ ᠰᠡᠳᠬᠦᠯ ᠢ ᠤᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠭᠤᠣᠯᠯᠠᠨ ᠡᠷᠭᠢᠯᠡᠵᠦ ᠬᠡᠪᠯᠡᠯ ᠡᠬᠢᠯᠡᠭᠦᠯᠪᠡ᠃    ᠮᠠᠨ ᠤ ᠤᠷᠤᠨ ᠳᠤ ᠤᠮᠠᠷᠠᠲᠤ ᠬᠢᠯᠢ ᠶᠢᠨ ᠰᠣᠶᠣᠯ ᠰᠤᠳᠤᠯᠭᠠᠨ ᠤ ᠲᠤᠰᠬᠠᠢ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ᠪᠠᠶᠢᠭ᠎ᠠ ᠦᠬᠡᠢ ᠲᠡᠥᠬᠡ ᠶᠢ ᠡᠴᠦᠰᠯᠡᠬᠦᠯᠦᠭᠰᠡᠨ ᠡᠨᠡ ᠬᠦ ᠰᠡᠳᠬᠦᠯ ᠨᠢ ᠤᠮᠠᠷᠠᠲᠤ ᠬᠢᠯᠢ ᠶᠢᠨ ᠰᠣᠶᠣᠯ ᠰᠤᠳᠤᠯᠭᠠᠨ ᠤ ᠴᠢᠬᠤᠯᠠ ᠣᠨᠣᠯ ᠪᠠ ᠪᠣᠳᠠᠲᠤ ᠠᠰᠠᠭᠤᠳᠠᠯ ᠢᠶᠠᠷ ᠭᠤᠤᠯᠳᠠᠯᠭ᠎ᠠ ᠪᠤᠯᠭᠠᠨ᠂ ᠤᠮᠠᠷᠠᠲᠤ ᠬᠢᠯᠢ  ᠶᠢᠨ ᠰᠣᠶᠣᠯ ᠤᠨ ᠲᠦᠷᠦᠯ ᠲᠡᠮᠳᠡᠭ ᠢ ᠪᠦᠬᠦ ᠤᠯᠤᠰ ᠲᠤ ᠳᠡᠯᠭᠡᠷᠡᠬᠦᠯᠦᠨ ᠴᠤᠭᠴᠠᠯᠠᠬᠤ ᠪᠠᠷ ᠵᠤᠷᠢᠯᠳᠠ ᠪᠠᠨ ᠪᠤᠯᠭᠠᠵᠠᠢ᠃ ᠰᠡᠳᠬᠦᠯ ᠳᠤ ᠰᠢ ᠶᠢᠨ ᠫᠢᠩ ᠤᠨ ᠰᠤᠶᠤᠯ ᠤᠨ ᠦᠵᠡᠯ ᠰᠠᠨᠠᠭᠠᠨ ᠤ ᠰᠤᠳᠤᠯᠭᠠᠨ᠂ ᠤᠮᠠᠷᠠᠲᠤ ᠬᠢᠯᠢ  ᠶᠢᠨ ᠰᠣᠶᠣᠯ ᠤᠨ ᠲᠤᠰᠬᠠᠢ ᠥᠭᠦᠯᠡᠯ ᠂ ᠤᠮᠠᠷᠠᠲᠤ ᠬᠢᠯᠢ  ᠶᠢᠨ ᠰᠣᠶᠣᠯ ᠤᠨ ᠲᠥᠷᠥᠯ ᠲᠡᠮᠳᠡᠭ ᠢ ᠴᠤᠭᠴᠠᠯᠠᠬᠤ ᠲᠤᠬᠠᠢ ᠲᠤᠰᠬᠠᠢ ᠮᠡᠷᠭᠡᠵᠢᠯᠲᠡᠨ ᠤ ᠪᠢᠷ ᠤᠨ ᠶᠠᠷᠢᠯᠴᠠᠯᠭ᠎ᠠ᠂ ᠦᠨᠡᠨᠴᠢ ᠢᠲᠡᠭᠡᠮᠵᠢ ᠢᠢᠨ ᠰᠣᠶᠣᠯ ᠰᠤᠳᠤᠯᠤᠯ ᠵᠡᠷᠭᠡ ᠣᠯᠠᠨ ᠲᠤᠰᠬᠠᠢ ᠪᠤᠯᠤᠩ ᠲᠤᠰᠬᠠᠢ ᠰᠡᠳᠦᠪ ᠭᠠᠷᠭᠠᠵᠤ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠣᠯᠠᠨ ᠨᠠᠷᠠᠲᠤ ᠡᠷᠳᠡᠮᠲᠡᠨ᠂ ᠲᠤᠰᠬᠠᠢ ᠮᠡᠷᠭᠡᠵᠢᠯᠲᠡᠳ ᠠᠴᠠ ᠡᠬᠡ ᠪᠢᠴᠢᠭ ᠡᠯᠰᠡᠨ᠂ ᠤᠮᠠᠷᠠᠲᠤ ᠬᠢᠯᠢ ᠶᠢᠨ ᠰᠣᠶᠣᠯ ᠰᠤᠳᠤᠯᠭᠠᠨ ᠤ ᠲᠠᠯ᠎ᠠ ᠶᠢᠨ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ ᠢ ᠬᠤᠷᠠᠮᠳᠤᠭᠤᠯᠵᠤ᠂ ᠤᠮᠠᠷᠠᠲᠤ ᠬᠢᠯᠢ  ᠶᠢᠨ ᠰᠣᠶᠣᠯ ᠤᠨ ᠲᠥᠷᠥᠯ ᠲᠡᠮᠳᠡᠭ ᠤᠨ ᠪᠥᠬᠦ ᠤᠯᠤᠰ ᠲᠠᠬᠢ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠢᠯᠡᠳᠳᠡ ᠨᠡᠮᠡᠭᠳᠡᠬᠦᠯᠪᠡ᠃    ︽ᠤᠮᠠᠷᠠᠲᠤ ᠬᠢᠵᠠᠭᠠᠷ ᠤᠨ ᠰᠣᠶᠣᠯ ᠰᠤᠳᠤᠯᠤᠯ︾ ᠰᠡᠳᠬᠦᠯ ᠬᠡᠪᠯᠡᠯ ᠡᠬᠢᠯᠡᠭᠰᠡᠨ ᠢᠶᠠᠷ ᠤᠮᠠᠷᠠᠲᠤ ᠬᠢᠯᠢ  ᠶᠢᠨ ᠰᠣᠶᠣᠯ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠤᠯᠠᠮᠵᠢᠯᠠᠬᠤ ᠴᠢᠬᠤᠯᠠ ᠲᠠᠪᠴᠠᠩ᠂ ᠤᠮᠠᠷᠠᠲᠤ ᠬᠢᠯᠢ ᠶᠢᠨ ᠰᠣᠶᠣᠯ ᠤᠨ ᠬᠦᠷᠢᠶᠡᠨ ᠤ ᠡᠷᠳᠡᠮ ᠰᠢᠨᠵᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠴᠢᠬᠤᠯᠠ ᠵᠢᠭᠰᠠᠭᠠᠯ ᠤᠨ ᠭᠠᠵᠠᠷ ᠪᠣᠯᠵᠤ᠂ ᠤᠮᠠᠷᠠᠲᠤ ᠬᠢᠯᠢ ᠶᠢᠨ ᠰᠣᠶᠣᠯ ᠰᠤᠳᠤᠯᠭᠠᠨ ᠤ ᠪᠠᠶᠢᠭᠤᠯᠤᠯᠲᠠ ᠶᠢᠨ ᠴᠢᠬᠤᠯᠠ ᠴᠣᠩᠬᠤᠪᠴᠢ ᠪᠣᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠷᠭᠡᠳᠬᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ