ᠮᠤᠨᠠ ᠠᠭᠤᠯᠠ ᠪᠠᠯᠭᠠᠰᠤ ᠬᠠᠳᠤᠨ ᠭᠤᠣᠯ ᠤᠨ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠠᠵᠢᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/4/28
    ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤ ︽ᠬᠠᠷᠢᠭᠤᠴᠠᠯᠭ᠎ᠠ ᠲᠣᠳᠣᠷᠬᠠᠶ᠂ ᠠᠷᠭ᠎ᠠ ᠬᠡᠮᠵᠢᠶ᠎ᠡ ᠪᠣᠳᠠᠲᠠᠶ᠂ ᠪᠣᠳᠠᠲᠤ ᠦᠷ᠎ᠡ ᠪᠦᠲᠦᠮᠵᠢ ᠢᠯᠡᠷᠬᠡᠶ︾ ᠪᠠᠶᠢᠬᠤ ᠵᠠᠷᠴᠢᠮ ᠢ ᠪᠠᠷᠢᠮᠲᠠᠯᠠᠵᠤ᠂ ᠬᠠᠲᠤᠨ ᠭᠤᠤᠯ ᠤᠨ ᠲᠠᠩ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠠᠵᠢᠯ ᠢ ᠳᠥᠯᠭᠢᠨ ᠠᠬᠢᠭᠤᠯᠪᠠ᠃   ᠪᠦᠬᠦ ᠲᠠᠯ᠎ᠠ ᠪᠠᠷ ᠬᠠᠮᠤᠷᠴᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠪᠠ᠃ ᠲᠣᠰ ᠪᠠᠯᠭᠠᠰᠤ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠵᠠᠩᠭᠢᠯᠠᠭ᠎ᠠ ᠶᠢᠨ ᠴᠠᠭ ᠢ ᠠᠳᠬᠤᠵᠤ᠂ ᠬᠠᠲᠤᠨ ᠭᠤᠤᠯ ᠤᠨ ᠭᠤᠯᠳᠤᠷᠢᠯ ᠤᠨ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠤᠬᠠᠭᠤᠯᠤᠨ ᠬᠥᠲᠥᠯᠦᠨ ᠵᠢᠯᠣᠭᠤᠳᠬᠤ ᠠᠵᠢᠯ ᠢ ᠴᠢᠩᠭᠠᠳᠬᠠᠪᠠ᠃ ᠡᠬᠦᠨ ᠳᠤ᠂ ᠵᠣᠬᠢᠶᠠᠨ ᠪᠠᠶᠢᠭᠤᠯᠬᠤ ᠭᠡᠰᠢᠭᠦᠳ ᠤᠨ ᠬᠤᠷᠠᠯ ᠬᠤᠷᠠᠯᠳᠣᠬᠤ᠂ ᠡᠷᠦᠬᠡ ᠳᠤ ᠬᠦᠷᠴᠦ ᠤᠬᠠᠭᠤᠯᠬᠤ᠂ ᠰᠦᠯᠵᠢᠶᠡᠨ ᠳᠡᠭᠡᠷ᠎ᠡ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠳᠠᠷᠢᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠰᠠᠶᠢᠲᠤᠷ ᠬᠢᠵᠣ᠂ ᠲᠠᠷᠢᠶᠠᠴᠢᠨ ᠡᠷᠦᠬᠡ ᠲᠠᠢ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠠᠳᠤᠨ ᠭᠤᠣᠯ ᠤᠨ ᠭᠤᠯᠳᠤᠷᠢᠯ ᠤᠨ ᠣᠷᠣᠨ ᠪᠠ ᠦᠷ᠎ᠡ ᠴᠠᠭᠠᠵᠠᠯᠠᠬᠤ ᠱᠤᠭᠤᠮ ᠤᠨ ᠬᠡᠪᠴᠢᠶᠡᠨ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠪᠠ︔     ᠤᠯᠠᠭᠠᠨ ᠱᠤᠭᠤᠮ ᠢ ᠴᠢᠩᠭ᠎ᠠ ᠰᠠᠬᠢᠵᠤ᠂ ᠬᠡᠪᠴᠢᠶ᠎ᠡ ᠶᠢ ᠣᠨᠣᠪᠴᠢᠲᠠᠶ ᠲᠣᠭᠲᠠᠭᠠᠪᠠ᠃ ᠮᠤᠨᠠ ᠠᠭᠤᠯᠠ ᠪᠠᠯᠭᠠᠰᠤᠨ ᠤ ᠬᠡᠪᠴᠢᠶᠡᠨ ᠳᠤ ᠬᠠᠲᠤᠨ ᠭᠤᠤᠯ ᠤᠨ ᠵᠠᠮ ᠤᠨ ᠶᠡᠷᠦᠩᠬᠡᠶ ᠣᠷᠳᠣ ᠨᠢ 56.52  ᠺᠢᠯᠣᠮᠧᠲᠷ ᠪᠠᠶᠢᠵᠤ᠂ 5 ᠵᠠᠰᠠᠭ ᠵᠠᠬᠢᠷᠭᠠᠨ ᠤ ᠲᠣᠰᠬᠤᠨ ᠲᠠᠢ ᠬᠤᠯᠪᠣᠭᠳᠠᠨ᠎ᠠ᠃ ᠲᠠᠩ ᠭᠠᠵᠠᠷ ᠤᠨ ︽ᠬᠤᠶᠠᠷ ᠱᠤᠭᠤᠮ ᠭᠤᠷᠪᠠᠨ ᠣᠷᠣᠨ︾ ᠤ ᠪᠣᠳᠠᠲᠠᠶ ᠣᠷᠣᠨ ᠪᠠᠶᠢᠷᠢ ᠶᠢ ᠦᠨᠳᠦᠰᠦᠯᠡᠨ ᠳᠠᠷᠢᠬᠤ ᠶᠢ ᠴᠠᠭᠠᠵᠠᠯᠠᠬᠤ ᠪᠣᠳᠠᠲᠠᠶ ᠣᠷᠣᠨ ᠪᠦᠰᠡ ᠪᠠ ᠭᠠᠵᠠᠷ ᠢ ᠲᠣᠳᠣᠷᠬᠠᠶᠢᠯᠠᠵᠤ᠂ ᠬᠠᠲᠤᠨ ᠭᠤᠤᠯ ᠤᠨ  ᠵᠠᠮ ᠤᠨ ᠳᠠᠷᠢᠬᠤ ᠶᠢ ᠴᠠᠭᠠᠵᠠᠯᠠᠬᠤ ᠱᠤᠭᠤᠮ ᠢ ᠲᠤᠬᠠᠶ ᠶᠢᠨ ᠲᠠᠯᠠᠪᠤᠷ ᠲᠤᠨᠢ ᠬᠢᠨᠠᠨ ᠬᠠᠷᠭᠤᠭᠤᠯᠵᠤ᠂ ᠥᠨᠳᠥᠷ ᠡᠰᠢᠲᠦ ᠲᠠᠷᠢᠮᠠᠯ ᠤᠨ ᠲᠠᠷᠢᠬᠤ ᠶᠢ ᠴᠠᠭᠠᠵᠠᠯᠠᠬᠤ ᠱᠤᠭᠤᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠠᠷᠢᠬᠤ ᠶᠢ ᠴᠠᠭᠠᠵᠠᠯᠠᠬᠤ ᠱᠤᠭᠤᠮ ᠢ ᠨᠠᠩ ᠰᠢᠭᠤᠳ ᠲᠣᠳᠣᠷᠬᠠᠶ  ᠪᠣᠯᠭᠠᠪᠠ᠃    ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠨᠠᠶᠢᠳᠠᠪᠣᠷᠢᠵᠢᠭᠤᠯᠪᠠ᠃ ᠡᠯ᠎ᠡ ᠲᠣᠰᠬᠤᠨ ᠢ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠵᠤ᠂ ᠡᠯ᠎ᠡ ᠲᠣᠰᠬᠤᠨ ᠤ ᠬᠡᠰᠡᠭ ᠳᠠᠭᠠᠭᠠᠴᠢᠯᠠᠭᠰᠠᠨ ᠺᠠᠳ᠋ᠷ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠵᠢᠴᠢ ᠳᠤᠭᠤᠶᠢᠯᠠᠩ ᠤᠨ ᠳᠠᠷᠤᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠤᠨ ᠪᠠᠶᠢᠴᠠᠭᠠᠬᠤ ᠠᠵᠢᠯ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠤᠳᠠᠭ᠎ᠠ ᠪᠠ ᠡᠷᠴᠢᠮ ᠢᠶᠠᠨ ᠴᠢᠩᠭᠠᠷᠠᠭᠤᠯᠵᠤ᠂ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠤᠨ ᠲᠠᠷᠢᠬᠤ ᠶᠢ ᠴᠠᠭᠠᠵᠠᠯᠠᠬᠤ ᠣᠷᠣᠨ ᠤ ᠠᠵᠢᠯ ᠢ ᠥᠷᠨᠢᠭᠦᠯᠦᠭᠰᠡᠨ ᠪᠠᠶᠢᠳᠠᠯ ᠪᠠ ᠲᠠᠷᠢᠭᠰᠠᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠵᠡᠭᠳᠡᠯ ᠢ ᠣᠯᠵᠤ ᠮᠡᠳᠡᠪᠡᠯ ᠴᠠᠭ ᠲᠤᠬᠠᠶ ᠳᠤᠨᠢ ᠵᠠᠯᠠᠷᠠᠭᠤᠯᠤᠨ ᠵᠠᠰᠠᠨ᠎ᠠ᠃                       
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ