1 . ᠶᠠᠭᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠭᠡᠬᠦ ᠪᠣᠶ︖ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠣᠯ ᠨᠠᠮ ᠤᠨ ᠤᠳᠤᠷᠢᠳᠤᠯᠭ᠎ᠠ ᠳᠣᠣᠷ᠎ᠠ᠂ ᠡᠯ᠎ᠡ | ᠦᠨᠳᠦᠰᠦᠲᠡᠨ ᠤ ᠣᠯᠠᠨ ᠲᠦᠮᠡᠨ ᠥᠷᠭᠡᠨ ᠢᠶᠠᠷ ᠣᠷᠣᠯᠴᠠᠵᠤ᠂ ᠪᠦᠲᠦᠭᠡᠯᠴᠢ ᠪᠠᠷ ᠦᠨᠳᠦᠰᠦᠲᠡᠨ ᠤ ᠪᠦᠯᠬᠦᠮᠳᠡᠯ ᠪᠠ ᠡᠯ᠎ᠡ ᠦᠨᠳᠦᠰᠦᠲᠡᠨ ᠬᠠᠮᠲᠤ ᠪᠠᠷ | ᠳᠠᠪᠰᠢᠬᠤ ᠶᠢ ᠲᠦᠯᠬᠢᠨ ᠠᠬᠢᠭᠤᠯᠬᠤ ᠨᠡᠶᠢᠭᠡᠮ ᠤᠨ ᠢᠨᠵᠧᠨᠧᠷᠢᠩ ᠪᠠᠶᠢᠵᠤ᠂ ᠠᠵᠢᠯᠯᠠᠭ᠎ᠠ ᠪᠠᠷ ᠳᠠᠮᠵᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠰ ᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ | 2 . ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ︖ | ᠬᠥᠮᠦᠨ ᠰᠣᠶᠣᠯ᠂ ᠪᠣᠳᠠᠲᠤ ᠴᠣᠭᠴᠠ᠂ ᠣᠯᠠᠨ ᠲᠦᠮᠡᠨᠴᠢᠯᠡᠬᠦ᠃ | 3 . ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠨᠳᠦᠰᠦᠨ ᠠᠷᠭ᠎ᠠ ᠵᠠᠮ ᠪᠣᠯ︖ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠨ᠎ᠠ᠃ | 4 . ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠬᠦ ᠶᠢᠨ | ᠪᠠᠷᠢᠮᠲᠠᠯᠠᠬᠤ ᠣᠶᠢᠯᠠᠭᠠᠭᠳᠠᠬᠤᠨ ᠪᠣᠯ ︖ | ᠡᠩ ᠤᠨ ᠦᠶ᠎ᠡ ᠶᠢ ᠴᠢᠬᠤᠯᠠᠴᠢᠯᠠᠬᠤ᠂ ᠰᠡᠳᠬᠢᠯ ᠢᠶᠠᠨ ᠰᠣᠯᠢᠯᠴᠠᠬᠤ ᠶᠢ ᠴᠢᠬᠤᠯᠠᠴᠢᠯᠠᠬᠤ᠂ ᠦᠢᠯᠡ ᠠᠵᠢᠯᠯᠠᠭ᠎ᠠ ᠶᠢ ᠴᠢᠬᠤᠯᠠᠴᠢᠯᠠᠬᠤ᠂ | ᠦᠨᠳᠦᠰᠦᠨ ᠱᠠᠲᠤ ᠶᠢ ᠴᠢᠬᠤᠯᠠᠴᠢᠯᠠᠬᠤ ᠣᠶᠢᠯᠠᠭᠠᠭᠳᠠᠬᠤᠨ ᠢ ᠪᠠᠷᠢᠮᠲᠠᠯᠠᠨ᠎ᠠ᠃ | 5 . ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ︽ ᠨᠠᠢᠮᠠ ᠶᠢ ᠣᠷᠣᠭᠤᠯᠬᠤ︾ ᠭᠡᠳᠡᠭ ᠨᠢ︖ | ᠪᠠᠶᠢᠭᠤᠯᠭ᠎ᠠ ᠳᠤ ᠣᠷᠣᠬᠤ᠂ ᠠᠵᠤ ᠠᠬᠤᠶᠢᠯᠠᠯ ᠳᠤ ᠣᠷᠣᠬᠤ᠂ ᠨᠡᠶᠢᠭᠡᠮ ᠲᠣᠭᠤᠷᠢᠭ ᠲᠤ ᠣᠷᠣᠬᠤ᠂ ᠰᠤᠮᠤ ᠰᠢᠶᠠᠩ ᠪᠠᠯᠭᠠᠰᠤᠨ ᠳᠤ ᠣᠷᠣᠬᠤ᠂ | ᠰᠤᠷᠭᠠᠭᠤᠯᠢ ᠳᠤ ᠣᠷᠣᠬᠤ᠂ ᠴᠡᠷᠢᠭ ᠠᠩᠭᠢ ᠳᠤ ᠣᠷᠣᠬᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠬᠤ᠂ ᠰᠦᠯᠵᠢᠶᠡᠨ ᠳᠤ | ᠣᠷᠣᠬᠤ᠃ | 6 . ᠨᠠᠮ ᠤᠨ ᠵᠠᠭᠤᠨ ᠵᠢᠯ ᠤᠨ ᠥᠩᠭᠡᠷᠡᠯᠲᠡ ᠶᠢ ᠡᠷᠭᠢᠴᠡᠭᠦᠯᠪᠡᠯ᠂ ᠨᠠᠮ ᠤᠨ ᠦᠨᠳᠦᠰᠦᠲᠡᠨ ᠤ ᠠᠵᠢᠯ ᠤᠨ ᠣᠯᠤᠭᠰᠠᠨ ᠬᠠᠮᠤᠭ ᠤᠨ ᠶᠡᠭᠡ | ᠠᠮᠵᠢᠯᠲᠠ ᠪᠦᠲᠦᠮᠵᠢ ᠪᠣᠯ︖ | ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ ᠢ ᠨᠡᠭᠡᠭᠡᠭᠰᠡᠨ ᠪᠠᠶᠢᠨ᠎ᠠ᠃ | 7 . ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠶ ᠬᠠᠷᠠᠯᠲᠠ ᠪᠣᠯ︖ | ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ | ᠲᠡᠷᠭᠡᠯᠰᠢᠭᠦᠯᠦᠨ᠎ᠡ᠃ | 8 . ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠠ ᠦᠨᠳᠦᠰᠦᠲᠡᠨ ᠤ ᠣᠷᠣᠨ ᠤ ᠡᠯ᠎ᠡ ᠵᠦᠢᠯ ᠤᠨ | ᠠᠵᠢᠯ ᠤᠨ ᠭᠤᠣᠯ ᠰᠢᠵᠢᠮ ᠪᠣᠯ︖ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ | 9 . ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠵᠠᠷᠴᠢᠮ ᠪᠣᠯ︖ | ᠨᠡᠶᠢᠲᠡᠯᠢᠭ ᠴᠢᠨᠠᠷ ᠢ ᠨᠡᠮᠡᠭᠳᠡᠭᠦᠯᠵᠦ᠂ ᠵᠥᠷᠢᠶᠡᠲᠦ ᠴᠢᠨᠠᠷ ᠢ ᠬᠦᠨᠳᠦᠳᠬᠡᠨ ᠪᠠᠭᠲᠠᠭᠠᠨ᠎ᠠ᠃ | 10 . ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠢ ᠨᠠᠮ ᠤᠨ ᠲᠦᠷᠢᠮ ᠳᠤ ᠪᠢᠴᠢᠵᠦ | ᠣᠷᠤᠭᠤᠯᠤᠭᠰᠠᠨ ᠴᠠᠭ ᠪᠣᠯ︖ | 2017 ᠣᠨ ᠤ 10 ᠰᠠᠷ᠎ᠠ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠶᠢ ᠨᠠᠮ ᠤᠨ ᠲᠦᠷᠢᠮ ᠳᠤ ᠵᠢᠩᠬᠢᠨᠢ ᠪᠠᠷ ᠪᠢᠴᠢᠵᠦ ᠣᠷᠣᠭᠤᠯᠪᠠ᠃ | 11᠂ ᠳᠤᠮᠳᠠᠳᠤ ᠶᠢᠨ ᠦᠨᠳᠦᠰᠦᠲᠡᠨ ᠭᠡᠬᠦ ᠦᠭᠡ ᠶᠢ ᠠᠩᠬ᠎ᠠ ᠤᠳᠠᠭ᠎ᠠ ᠦᠨᠳᠦᠰᠦᠨ ᠬᠠᠤᠯᠢ ᠳᠤ ᠪᠢᠴᠢᠵᠦ ᠣᠷᠣᠭᠤᠯᠤᠭᠰᠠᠨ ᠴᠠᠭ ᠪᠣᠯ︖ | 2018 ᠣᠨ ᠤ 3 ᠰᠠᠷ᠎ᠠ ᠳᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠠᠴᠠ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠪᠠᠲᠤᠯᠠᠵᠤ᠂ ︽ᠳᠤᠮᠳᠠᠳᠤ ᠶᠢᠨ ᠦᠨᠳᠦᠰᠦᠲᠡᠨ︾ | ᠭᠡᠬᠦ ᠦᠭᠡ ᠶᠢ ᠠᠩᠬ᠎ᠠ ᠤᠳᠠᠭ᠎ᠠ ᠤᠯᠤᠰ ᠤᠨ ᠦᠨᠳᠦᠰᠦ ᠪᠣᠯᠬᠤ ᠬᠠᠤᠯᠢ ᠳᠤ ᠪᠢᠴᠢᠵᠦ ᠣᠷᠣᠭᠤᠯᠪᠠ᠃ | 12 . ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ ᠪᠣᠯ︖ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠃ | 13 . ᠮᠠᠨ ᠤ ᠤᠯᠤᠰ ᠤᠨ ᠦᠨᠳᠦᠰᠦᠲᠡᠨ ᠤ ᠠᠵᠢᠯ ᠤᠨ ᠦᠨᠳᠦᠰᠦᠨ ᠴᠢᠭᠯᠡᠯᠲᠡ ᠪᠣᠯ︖ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠨ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | 14 . ᠨᠡᠶᠢᠭᠡᠮ ᠵᠢᠷᠤᠮ ᠤᠨ ᠰᠢᠨ᠎ᠡ ᠮᠠᠶ᠋ᠢᠭ ᠤᠨ ᠦᠨᠳᠦᠰᠦᠲᠡᠨ ᠤ ᠬᠠᠷᠢᠴᠠᠭ᠎ᠠ ᠪᠣᠯ︖ | ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠯ ᠲᠠᠢ᠃ ᠡᠭᠦᠨ ᠳᠤ ᠡᠷᠬᠡ ᠲᠡᠭᠰᠢ ᠪᠣᠯ ᠰᠠᠭᠤᠷᠢ ᠂ | ᠪᠦᠯᠬᠦᠮᠳᠡᠯ ᠪᠣᠯ ᠭᠤᠣᠯ ᠰᠢᠵᠢᠮ᠂ ᠬᠠᠪᠰᠤᠷᠤᠯᠴᠠᠯ ᠪᠣᠯ ᠪᠠᠲᠤᠯᠠᠭ᠎ᠠ᠂ ᠡᠶ᠎ᠡ ᠵᠣᠬᠢᠴᠠᠯ ᠪᠣᠯ ᠮᠥᠨ ᠴᠢᠨᠠᠷ ᠮᠥᠨ᠃ | 15 . ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠵᠠᠩᠭᠢᠯᠠᠭ᠎ᠠ᠂ ᠬᠠᠮᠤᠭ ᠤᠨ ᠲᠤᠰᠠᠲᠠᠢ ᠨᠢ︖ | ᠶᠡᠷᠦᠩᠬᠡᠢ ᠱᠦᠵᠢ ᠰᠢ ᠶᠢᠨ ᠫᠢᠩ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠵᠠᠩᠭᠢᠯᠠᠭ᠎ᠠ ᠨᠢ ᠦᠨᠳᠦᠰᠦᠲᠡᠨ ᠤ ᠪᠦᠯᠬᠦᠮᠳᠡᠯ ᠢ | ᠰᠠᠶᠢᠲᠤᠷ ᠬᠢᠬᠦ ᠳᠤ ᠪᠤᠢ᠂ ᠬᠠᠮᠤᠭ ᠤᠨ ᠲᠤᠰᠠᠲᠠᠢ ᠨᠢ ᠬᠥᠮᠦᠰ ᠤᠨ ᠰᠡᠳᠬᠢᠯ ᠢ ᠤᠯᠬᠤ ᠳᠤ ᠪᠤᠢ ᠭᠡᠵᠦ ᠴᠢᠬᠤᠯᠠᠴᠢᠯᠠᠪᠠ᠃ |