ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 3 ᠤ ᠦᠳᠡ ᠶᠢᠨ ᠡᠮᠦᠨ᠎ᠡ | ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ᠂ ᠬᠠᠩᠰᠢ ᠶᠢᠨ ᠡᠳᠦᠷ ᠤᠨ ᠤᠷᠢᠳ ᠬᠤᠵᠢᠳ ᠢᠶᠠᠷ | ᠳᠤᠮᠳᠠᠳᠤ ᠶᠢᠨ ᠡᠬᠡ ᠭᠠᠵᠠᠷ ᠲᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠶᠠᠭ ᠮᠣᠳᠣ ᠲᠠᠷᠢᠬᠤ ᠰᠠᠶᠢᠬᠠᠨ ᠴᠠᠭ ᠪᠣᠯᠣᠨ᠎ᠠ᠃ ᠡᠨᠡ ᠡᠳᠦᠷ ᠪᠢᠳᠡ | ᠬᠠᠮᠲᠤ ᠪᠠᠷ ᠮᠣᠳᠣ ᠲᠠᠷᠢᠬᠤ ᠨᠢ ᠳᠠᠷᠤᠢ ᠤᠯᠠᠨ ᠢᠶᠠᠷ ᠢᠶᠠᠨ ᠬᠥᠳᠡᠯᠦᠯᠴᠡᠵᠦ᠂ ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠬᠥᠮᠥᠨ | ᠪᠦᠭᠦᠨ ᠨᠣᠭᠤᠭᠠᠨ ᠥᠩᠭᠡ ᠶᠢᠨ ᠡᠯᠴᠢᠨ᠂ ᠠᠮᠢ ᠠᠬᠤᠢ ᠶᠢᠨ ᠬᠤᠰᠢᠭᠤᠴᠢ ᠪᠤᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ | ᠪᠦᠲᠦᠭᠡᠨ ᠪᠠᠶᠢᠭᠤᠯᠬᠤ ᠳᠤ ᠨᠣᠭᠤᠭᠠᠨ ᠥᠩᠭᠡ ᠨᠡᠮᠡᠷᠢᠯᠡᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠤᠷᠢᠶᠠᠯᠠᠵᠤ ᠪᠠᠶᠢᠨ᠎ᠠ ᠭᠡᠵᠦ ᠴᠢᠬᠤᠯᠠᠴᠢᠯᠠᠪᠠ᠃ | | | | | 4 ᠰᠠᠷ᠎ᠠ ᠶᠢᠨ 3 ᠤ ᠡᠳᠦᠷ᠂ ᠨᠠᠮ ᠪᠠ ᠲᠥᠷᠥ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠋ ᠨᠢᠩ᠂ | ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠯᠦᠴᠧᠩ ᠪᠠᠯᠭᠠᠰᠤᠨ ᠳᠤ | ᠬᠦᠷᠴᠦ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠵᠢᠷᠤᠭ ᠪᠣᠯ ᠰᠢ ᠶᠢᠨ ᠫᠢᠩ ᠤᠯᠠᠨ ᠲᠠᠢ ᠬᠠᠮᠲᠤ ᠮᠣᠳᠣ | ᠲᠠᠷᠢᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | ᠪᠡᠭᠡᠵᠢᠩ ᠤᠨ ᠬᠤᠳᠠ ᠶᠢᠨ ᠲᠡᠭᠦᠷᠭᠡ ᠳᠤ ᠬᠠᠪᠤᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠦᠳᠡ ᠶᠢᠨ ᠡᠮᠦᠨᠡᠬᠢ 10 ᠴᠠᠭ 40 | ᠮᠢᠨᠦ᠋ᠲ ᠤᠨ ᠦᠶ᠎ᠡ ᠪᠠᠷ ᠨᠠᠮ ᠪᠠ ᠲᠥᠷᠥ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠋ ᠨᠢᠩ᠂ ᠼᠠᠢ ᠴᠢ᠂ | ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠬᠠᠮᠲᠤ ᠪᠠᠷ ᠮᠠᠰᠢᠨ ᠲᠡᠷᠭᠡᠨ ᠳᠤ ᠰᠠᠭᠤᠵᠤ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ | ᠯᠦᠴᠧᠩ ᠪᠠᠯᠭᠠᠰᠤᠨ ᠳᠤ ᠬᠦᠷᠴᠦ᠂ ᠨᠡᠶᠢᠰᠯᠡᠯ ᠤᠨ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ | ᠣᠷᠣᠯᠴᠠᠪᠠ᠃ | ᠮᠣᠳᠣ ᠲᠠᠷᠢᠬᠤ ᠭᠠᠵᠠᠷ ᠨᠢ ᠪᠡᠭᠡᠵᠢᠩ ᠬᠤᠳᠠ ᠶᠢᠨ ᠲᠦᠩᠵᠸᠤ ᠲᠣᠭᠤᠷᠢᠭ ᠪᠣᠯᠣᠨ ᠾᠧᠪᠧᠢ ᠮᠤᠵᠢ ᠶᠢᠨ ᠯᠠᠩᠹᠠᠩ ᠬᠤᠳᠠ ᠶᠢᠨ ᠬᠤᠶᠢᠲᠤ | ᠭᠤᠷᠪᠠᠨ ᠰᠢᠶᠠᠨ ᠤ ᠠᠭᠤᠯᠵᠠᠷ ᠲᠠᠬᠢ ᠴᠤᠤ ᠪᠠᠢ ᠾᠧ ᠭᠤᠣᠯ ᠤᠨ ᠬᠥᠪᠡᠭᠡᠨ ᠳᠠᠬᠢ ᠪᠡᠭᠡᠵᠢᠩ ᠾᠧᠪᠧᠢ ᠶᠢᠨ ᠠᠩᠬᠠᠳᠠᠭᠴᠢ ᠬᠢᠯᠢ ᠠᠯᠤᠰᠯᠠᠨ | ᠬᠠᠮᠲᠤ ᠪᠠᠷ ᠪᠠᠶᠢᠭᠤᠯᠤᠭᠰᠠᠨ ᠤᠢ ᠰᠢᠭᠤᠢ ᠶᠢᠨ ᠴᠡᠴᠡᠷᠯᠢᠭ ᠲᠤ ᠪᠠᠶᠢᠷᠢᠯᠠᠵᠤ᠂ ᠤᠰᠤ ᠶᠢ ᠬᠠᠪᠢᠳᠠᠭᠰᠠᠨ ᠮᠠᠰᠢ ᠰᠠᠶᠢᠨ ᠠᠮᠢ ᠠᠬᠤᠢ ᠶᠢᠨ ᠨᠥᠬᠦᠴᠡᠯ ᠲᠠᠢ | ᠶᠤᠮ᠃ | ᠶᠡᠷᠦᠩᠬᠡᠢ ᠱᠦᠵᠢ ᠢᠷᠡᠭᠰᠡᠨ ᠢ ᠦᠵᠡᠭᠡᠳ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ ᠬᠠᠯᠠᠭᠤᠮᠰᠤᠭ ᠢᠶᠠᠷ | ᠮᠡᠨᠳᠦᠴᠢᠯᠡᠪᠡ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠬᠦᠷᠵᠡ ᠪᠠᠷᠢᠨ ᠮᠣᠳᠣ ᠲᠠᠷᠢᠬᠤ ᠭᠠᠵᠠᠷ ᠲᠤ ᠬᠦᠷᠴᠦ᠂ ᠪᠡᠭᠡᠵᠢᠩ | ᠬᠤᠳᠠ᠂ ᠤᠯᠤᠰ ᠤᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠨᠡᠶᠢᠰᠯᠡᠯ ᠤᠨ ᠺᠠᠳ᠋ᠷ ᠤᠯᠠᠨ ᠲᠦᠮᠡᠨ | ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠢ ᠬᠠᠮᠲᠤ ᠶᠠᠭᠠᠷᠠᠯᠳᠤᠵᠤ ᠡᠬᠢᠯᠡᠪᠡ᠃ | ᠬᠦᠷᠵᠡ ᠪᠠᠷᠢᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ ᠰᠢ ᠶᠢᠨ ᠫᠢᠩ ᠨᠠᠷᠠᠰᠤᠨ ᠮᠣᠳᠣ | ᠂ ᠰᠢᠷ᠎ᠠ ᠴᠠᠶᠢᠷ ᠮᠣᠳᠣ᠂ ᠬᠠᠲᠠᠭᠤ ᠴᠠᠭᠠᠨ᠂ ᠢᠩᠲᠣᠣᠷ᠂ ᠤᠯᠠᠭᠠᠨ ᠨᠠᠪᠴᠢᠲᠤ ᠪᠢᠨᠳᠡᠷ ᠴᠡᠴᠡᠭ᠂ ᠬᠠᠪᠲᠠᠭᠠᠢ ᠠᠷᠴᠠ ᠵᠡᠷᠭᠡ ᠤᠯᠠᠨ ᠴᠢᠬᠢ ᠮᠣᠳᠣ ᠶᠢ | ᠵᠠᠯᠭᠠᠭ᠎ᠠ ᠪᠠᠷ ᠲᠠᠷᠢᠪᠠ᠃ ᠰᠢ ᠶᠢᠨ ᠫᠢᠩ ᠮᠣᠳᠣ ᠳᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ᠂ ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ | ᠪᠠᠶᠢᠭ᠎ᠠ ᠪᠠᠶᠢᠳᠠᠯ ᠢ ᠠᠰᠠᠭᠤᠪᠠ᠃ ᠲᠡᠷᠡ᠂ ᠥᠷᠭᠡᠨ ᠣᠯᠠᠨ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ ᠮᠥᠨ᠂ ᠬᠠᠷᠠᠬᠠᠨ | ᠪᠠᠭ᠎ᠠ ᠠᠴᠠ ᠪᠠᠨ ᠭᠦᠳᠡᠯᠮᠦᠷᠢ ᠳᠤ ᠢᠳᠡᠪᠬᠢᠲᠡᠢ ᠣᠷᠣᠯᠴᠠᠵᠤ᠂ ᠮᠣᠳᠣ ᠳᠠᠷᠢᠵᠤ ᠣᠶᠢᠵᠢᠭᠤᠯᠤᠨ᠂ ᠨᠣᠭᠤᠭᠠᠨ ᠦᠷ᠎ᠡ ᠶᠢ ᠰᠡᠳᠬᠢᠯ ᠳᠡᠭᠡᠨ ᠲᠠᠷᠢᠵᠤ᠂ | ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠬᠠᠶᠢᠷᠠᠯᠠᠬᠤ ᠤᠬᠠᠮᠰᠠᠷ ᠲᠠᠢ ᠪᠣᠯᠵᠤ᠂ ᠰᠢᠷᠭᠠᠭᠤ ᠰᠤᠷᠤᠯᠴᠠᠵᠤ᠂ ᠪᠡᠶ᠎ᠡ ᠮᠠᠬᠠᠪᠤᠳ ᠢᠶᠠᠨ ᠳᠠᠪᠲᠠᠨ | ᠪᠤᠯᠪᠠᠰᠤᠷᠠᠭᠤᠯᠵᠤ᠂ ᠢᠳᠡᠷᠡᠭᠦᠨ ᠢᠶᠠᠷ ᠦᠰᠦᠨ ᠪᠤᠶᠢᠵᠢᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ | ᠵᠡᠷᠭᠡ ᠪᠦᠭᠦ ᠲᠠᠯ᠎ᠠ ᠪᠠᠷ ᠬᠥᠭᠵᠢᠵᠦ᠂ ᠤᠯᠤᠰ ᠤᠨ ᠨᠢᠷᠤᠭᠤ ᠲᠤᠯᠭᠠᠭᠤᠷᠢ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ ᠮᠣᠳᠣ ᠲᠠᠷᠢᠬᠤ | ᠲᠤᠬᠠᠢ ᠶᠢᠨ ᠲᠠᠯᠠᠪᠠᠢ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡ ᠭᠦᠭ ᠲᠠᠢ ᠬᠥᠳᠡᠯᠮᠦᠷᠢᠯᠡᠵᠡᠭᠡᠵᠦ᠂ ᠤᠳᠤᠷᠢᠳᠬᠤ ᠨᠥᠬᠦᠳ ᠤᠯᠠᠨ ᠲᠠᠢ | ᠬᠠᠮᠲᠤ ᠰᠢᠷᠣᠢ ᠨᠡᠮᠡᠨ ᠤᠰᠤ ᠬᠢᠵᠦ᠂ ᠭᠦᠷ ᠬᠥᠭᠵᠢᠶᠡᠨ ᠲᠠᠢ ᠠᠵᠢᠯᠯᠠᠨ᠎ᠠ᠃ | ᠮᠣᠳᠣ ᠲᠠᠷᠢᠬᠤ ᠬᠤᠭᠤᠴᠠᠭᠠᠨ ᠳᠤ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ᠃ | ᠲᠡᠷᠡ᠂ ᠲᠥᠪ ᠬᠤᠷᠢᠶ᠎ᠠ ᠳᠤ ᠢᠷᠡᠵᠦ ᠠᠵᠢᠯᠯᠠᠭᠰᠠᠨ ᠤ ᠲᠠᠷᠠᠭ᠎ᠠ ᠨᠢᠭᠡᠨᠲᠡ 17 ᠵᠢᠯ ᠳᠠᠷᠠᠭᠠᠯᠠᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠵᠤ ᠪᠠᠶᠢᠨ᠎ᠠ ᠭᠡᠪᠡ᠃ ᠲᠡᠷᠡ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠤᠨ ᠮᠣᠳᠣ ᠲᠠᠷᠢᠬᠤ ᠡᠳᠦᠷ ᠢ ᠲᠣᠭᠲᠠᠭᠠᠭᠰᠠᠨ 45 | ᠵᠢᠯ ᠤᠨ ᠤᠢ ᠪᠣᠯᠣᠨ᠎ᠠ᠃ ᠪᠦᠭᠦ ᠤᠯᠤᠰ ᠤᠨ ᠠᠷᠠᠳ ᠲᠦᠮᠡᠨ ᠮᠣᠳᠣ ᠲᠠᠷᠢᠵᠤ ᠣᠶᠢᠵᠢᠭᠤᠯᠬᠤ ᠶᠢ ᠪᠠᠷᠢᠮᠲᠠᠯᠠᠵᠤ᠂ ᠬᠤᠪᠠᠭ᠋ᠠᠢ ᠠᠭᠤᠯᠠ ᠦᠵᠡᠰᠭᠦᠯᠡᠩ | ᠰᠠᠶᠢᠬᠠᠨ ᠪᠣᠯᠵᠤ᠂ ᠡᠯᠡᠰᠦ ᠮᠠᠩᠬ᠎ᠠ ᠨᠣᠭᠤᠭᠠᠨ ᠪᠦᠷᠢᠳᠦ ᠪᠣᠯᠵᠤ᠂ ᠣᠯᠣᠭᠰᠠᠨ ᠠᠮᠵᠢᠯᠲᠠ ᠪᠦᠲᠦᠭᠡᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠠᠢ᠃ | ᠡᠭᠦᠨ ᠤ ᠬᠠᠮᠲᠤ ᠮᠠᠨ ᠤ ᠤᠯᠤᠰ ᠤᠨ ᠣᠶ ᠰᠢᠭᠤᠢ ᠶᠢᠨ ᠨᠣᠭᠤᠭᠠᠷᠠᠭᠤᠯᠤᠯᠲᠠ ᠲᠤᠲᠠᠭᠳᠠᠵᠤ ᠪᠠᠶᠢᠭ᠎ᠠ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠣᠶ | ᠰᠢᠭᠤᠢ ᠶᠢᠨ ︽ᠡᠷᠳᠡᠨᠢ ᠶᠢᠨ ᠬᠥᠮᠥᠷᠭᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠠᠳᠤᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ | ᠨᠣᠭᠤᠭᠠᠷᠠᠭᠤᠯᠬᠤ ᠪᠣᠯ ᠳᠠᠷᠤᠢ ᠳᠠᠪᠠᠭᠤᠯᠢᠭ ᠢᠶᠠᠨ ᠨᠡᠮᠡᠭᠳᠡᠭᠦᠯᠵᠦ ᠪᠠᠶᠢᠭ᠎ᠠ ᠶᠠᠪᠤᠳᠠᠯ ᠮᠥᠨ᠂ ᠮᠣᠳᠣ ᠳᠠᠷᠢᠬᠤ ᠪᠣᠯ ᠢᠷᠡᠭᠡᠳᠦᠢ ᠶᠢ ᠳᠠᠷᠢᠵᠤ ᠪᠠᠶᠢᠭ᠎ᠠ | ᠶᠠᠪᠤᠳᠠᠯ ᠮᠥᠨ᠃ ᠨᠢᠭᠡ ᠨᠢᠭᠡ ᠡᠭᠡᠯᠵᠢ ᠪᠠᠷ ᠲᠠᠷᠢᠵᠤ᠂ ᠦᠶ᠎ᠡ ᠶᠢᠨ ᠦᠶ᠎ᠡ ᠵᠠᠯᠭᠠᠮᠵᠢᠯᠠᠨ ᠠᠵᠢᠯᠯᠠᠵᠤ᠂ ᠮᠠᠨ ᠤ ︽ᠨᠣᠮᠢᠨ ᠨᠣᠭᠤᠭᠠᠨ ᠬᠥᠷᠥᠩᠭᠡ︾ ᠪᠠᠨ | ᠲᠠᠰᠤᠷᠠᠯᠳᠠ ᠦᠭᠡᠢ ᠵᠤᠵᠠᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠨᠣᠭᠤᠭᠠᠷᠠᠭᠤᠯᠤᠯᠲᠠ ᠶᠢ ᠥᠷᠭᠡᠳᠬᠡᠵᠦ᠂ ᠨᠣᠭᠤᠭᠠᠷᠠᠭᠤᠯᠤᠯᠲᠠ ᠶᠢ ᠬᠥᠭᠵᠢᠭᠦᠯᠵᠦ᠂ | ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ᠃ ᠨᠣᠭᠤᠭᠠᠷᠠᠭᠤᠯᠤᠯᠲᠠ ᠶᠢ ᠥᠷᠭᠡᠳᠬᠡᠬᠦ ᠳᠤ ᠳᠠᠷᠤᠢ ᠶᠡᠭᠡ | ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠲᠣᠬᠢᠷᠠᠮᠵᠢᠲᠠᠢ ᠭᠠᠵᠠᠷ ᠲᠤ | ᠲᠣᠬᠢᠷᠠᠮᠵᠢᠲᠠᠢ ᠮᠣᠳᠣ ᠶᠢ ᠳᠠᠷᠢᠵᠤ᠂ ᠲᠣᠬᠢᠷᠠᠮᠵᠢᠲᠠᠢ ᠴᠠᠭ ᠲᠤ ᠲᠣᠬᠢᠷᠠᠮᠵᠢᠲᠠᠢ ᠠᠷᠭ᠎ᠠ ᠠᠪᠴᠤ᠂ ᠨᠢᠭᠡ ᠰᠠᠭᠤᠷᠢ ᠳᠠᠷᠢᠪᠠᠯ ᠨᠢᠭᠡ ᠰᠠᠭᠤᠷᠢ ᠶᠢ | ᠡᠳᠡᠭᠡᠭᠡᠵᠦ᠂ ᠨᠢᠭᠡ ᠬᠡᠰᠡᠭ ᠣᠶᠢᠵᠢᠭᠤᠯᠪᠠᠯ ᠨᠢᠭᠡ ᠬᠡᠰᠡᠭ ᠢ ᠨᠣᠭᠤᠭᠠᠷᠠᠭᠤᠯᠬᠤ ᠬᠡᠷᠡᠭᠲᠡᠢ᠃ ᠨᠣᠭᠤᠭᠠᠷᠠᠭᠤᠯᠤᠯᠲᠠ ᠶᠢ ᠬᠥᠭᠵᠢᠭᠦᠯᠬᠦ ᠳᠤ ᠳᠠᠷᠤᠢ ᠶᠠᠰᠤ | ᠴᠢᠨᠠᠷ ᠦᠷ᠎ᠡ ᠠᠰᠢᠭ ᠢ ᠴᠢᠬᠤᠯᠠᠴᠢᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠤᠯᠭᠠᠬᠤ ᠠᠷᠭ᠎ᠠ ᠵᠠᠮ ᠢ | ᠥᠷᠭᠡᠳᠬᠡᠵᠦ᠂ ᠤᠢ ᠰᠢᠭᠤᠢ ︽ᠤᠰᠤᠨ ᠴᠥᠭᠦᠷᠥᠮ᠂ ᠵᠣᠭᠤᠰᠤᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ︾ | ᠶᠢᠨ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ | ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ᠃ ᠨᠣᠭᠤᠭᠠᠷᠠᠭᠤᠯᠤᠯᠲᠠ ᠶᠢ ᠬᠠᠮᠠᠭᠠᠯᠠᠬᠤ ᠳᠤ ᠳᠠᠷᠤᠢ ᠤᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ | ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠭᠢᠯᠪᠠᠷ ᠪᠤᠰᠤ ᠪᠠᠷ ᠣᠯᠣᠭᠰᠠᠨ ᠨᠣᠭᠤᠭᠠᠷᠠᠭᠤᠯᠤᠯᠲᠠ ᠶᠢᠨ ᠦᠷ᠎ᠡ | ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠤᠮᠠᠷᠠᠲᠤ ᠶᠢᠨ ᠭᠤᠷᠪᠠᠨ ᠣᠷᠣᠨ ᠪᠣᠯ ᠤᠯᠤᠰ ᠤᠨ ᠨᠤᠲᠤᠭ ᠳᠡᠪᠢᠰᠬᠡᠷ ᠤᠨ | ᠨᠣᠭᠤᠭᠠᠷᠠᠭᠤᠯᠤᠯᠲᠠ ᠶᠢᠨ ᠭᠤᠣᠯ ᠲᠡᠶᠢᠨ ᠤ ᠲᠠᠯᠠᠪᠤᠷ ᠮᠥᠨ᠂ ᠨᠠᠩ ᠣᠯᠠᠨ ᠬᠦᠴᠦᠨ ᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠳᠡᠭᠡᠷ᠎ᠡ ᠲᠥᠪᠯᠡᠷᠡᠭᠦᠯᠵᠦ᠂ ᠤᠮᠠᠷᠠᠲᠤ ᠬᠢᠯᠢ ᠶᠢᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠠᠲᠤ ᠴᠣᠭᠴᠠᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠣᠯᠠᠨ ᠲᠦᠮᠡᠨ ᠤ | ᠣᠷᠤᠯᠴᠠᠬᠤ ᠠᠷᠭ᠎ᠠ ᠵᠠᠮ ᠢ ᠰᠢᠯᠤᠭᠤᠳᠬᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠭᠡᠯᠪᠡᠷᠢ ᠶᠢᠨ ᠰᠢᠨ᠎ᠡ ᠶᠢ ᠡᠭᠦᠳᠴᠦ᠂ ᠣᠶ ᠶᠢᠨ ᠳᠠᠷᠤᠭ᠎ᠠ ᠶᠢᠨ | ᠳᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠪᠦᠭᠦ ᠠᠷᠠᠳ ᠤᠨ ᠠᠯᠪᠠᠨ ᠵᠢᠷᠤᠮ ᠤᠨ ᠮᠣᠳᠣ | ᠳᠠᠷᠢᠬᠤ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ | |