ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤ 4 ᠡᠳᠦᠷ ᠤᠨ ᠬᠤᠭᠤᠴᠠᠭ᠎ᠠ ᠶᠢ ᠬᠡᠷᠡᠭᠰᠡᠨ ᠡᠷᠳᠡᠨᠢᠪᠤᠯᠠᠭ ᠰᠤᠮᠤ ᠶᠢᠨ ᠠᠷᠴᠠ ᠭᠠᠴᠠᠭᠠᠨ ᠳᠤ | ᠨᠢᠰᠬᠡᠯ ᠢᠶᠠᠷ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠥᠷᠨᠢᠭᠦᠯᠵᠦ᠂ ᠰᠡᠷᠭᠡᠶᠢᠯᠡᠨ ᠵᠠᠰᠠᠭᠰᠠᠨ ᠲᠠᠯᠠᠪᠠᠶ ᠨᠢ 6.5 ᠲᠦᠮᠡᠨ ᠮᠦ ᠳᠤ | ᠬᠦᠷᠴᠦ᠂ ᠵᠢᠱᠢᠯᠲᠡ ᠪᠠᠷ ᠨᠡᠶᠢᠲᠡ 45 ᠤᠳᠠᠭ᠎ᠠ ᠨᠢᠰᠭᠡᠨ ᠡᠮ ᠰᠠᠴᠣᠬᠤ ᠪᠣᠯᠣᠨ᠎ᠠ᠃ | ᠬᠠᠪᠤᠷ ᠤᠨ ᠠᠭᠤᠷ ᠣᠷᠣᠭᠰᠠᠨ ᠠᠴᠠ ᠨᠠᠰᠢ᠂ ᠤᠷᠠᠳ ᠤᠨ ᠡᠮᠦᠨᠡᠲᠦ ᠬᠤᠰᠢᠭᠤᠨ ᠤ ᠨᠤᠲᠤᠭ ᠪᠡᠯᠴᠢᠭᠡᠷ ᠤᠨ ᠠᠵᠢᠯ ᠤᠨ ᠥᠷᠲᠡᠭᠡᠨ ᠤ | ᠮᠡᠷᠭᠡᠵᠢᠯ ᠤᠨ ᠠᠵᠢᠯᠲᠠᠳ ᠠᠴᠠ ᠤᠷᠢᠳ ᠬᠤᠵᠢᠳ ᠪᠦᠭᠦ ᠬᠤᠰᠢᠭᠤᠨ ᠤ 388 ᠲᠦᠮᠡᠨ ᠮᠣ᠋ ᠪᠠᠶᠢᠭᠠᠯᠢ ᠶᠢᠨ ᠨᠤᠲᠤᠭ ᠪᠡᠯᠴᠢᠭᠡᠷ ᠪᠠ ᠪᠤᠰᠤᠳ | ᠪᠡᠯᠴᠢᠭᠡᠷ ᠲᠤ ᠪᠠᠶᠢᠴᠠᠭᠠᠯᠲᠠ ᠬᠢᠵᠦ ᠰᠡᠷᠭᠡᠶᠢᠯᠡᠨ ᠵᠠᠰᠠᠬᠤ ᠲᠠᠯᠠᠪᠠᠢ ᠶᠢ 10.5 ᠲᠦᠮᠡᠨ ᠮᠣ᠋ ᠪᠠᠷ ᠲᠣᠭᠲᠠᠭᠠᠵᠠᠢ᠃ ᠡᠭᠦᠨ ᠳᠤ ᠨᠢᠰᠬᠡᠯ ᠢᠶᠠᠷ ᠰᠡᠷᠭᠡᠶᠢᠯᠡᠨ | ᠵᠠᠰᠠᠬᠤ ᠲᠠᠯᠠᠪᠠᠢ 6.5 ᠲᠦᠮᠡᠨ ᠮᠣ᠋᠂ ᠮᠠᠰᠢᠨ ᠮᠧᠬᠠᠨᠢᠭ ᠢᠶᠠᠷ ᠰᠡᠷᠭᠡᠶᠢᠯᠡᠨ ᠵᠠᠰᠠᠬᠤ ᠲᠠᠯᠠᠪᠠᠢ 4 ᠲᠦᠮᠡᠨ ᠮᠣ᠋ ᠪᠠᠶᠢᠵᠤ᠂ ᠵᠢᠱᠢᠯᠲᠡ ᠪᠠᠷ 4 ᠰᠠᠷ᠎ᠠ ᠶᠢᠨ | ᠡᠬᠢ ᠪᠠᠷ ᠳᠠᠭᠤᠰᠴᠤ᠂ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ 90 % ᠠᠴᠠ ᠳᠡᠭᠡᠭᠰᠢ ᠳᠤ ᠬᠦᠷᠭᠡᠵᠦ᠂ ᠬᠤᠯᠤᠭᠠᠨ᠎ᠠ ᠶᠢᠨ ᠨᠢᠭᠲᠠᠴᠠ ᠪᠠ | ᠬᠤᠯᠤᠭᠠᠨ᠎ᠠ ᠶᠢᠨ ᠬᠥᠨᠥᠭᠡᠯ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠶᠢ ᠪᠦᠲᠦᠮᠵᠢᠲᠡᠶ ᠪᠠᠭᠠᠰᠬᠠᠬᠤ ᠪᠤᠯᠤᠨ᠎ᠠ᠃ | |