ᠤᠷᠠᠳ ᠤᠨ ᠡᠮᠦᠨᠡᠲᠦ ᠬᠤᠰᠢᠭᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/7
      4 ᠰᠠᠷ᠎ᠠ ᠶᠢᠨ 3 ᠤ ᠡᠳᠦᠷ᠂ ᠤᠷᠠᠳ ᠤᠨ ᠡᠮᠦᠨᠡᠲᠦ ᠬᠤᠰᠢᠭᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ᠲᠦᠷᠦ ᠶᠢᠨ ᠶᠠᠪᠤᠳᠠᠯ ᠤᠨ  ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠠᠶᠠᠨᠨᠠᠭᠤᠷ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠵᠣᠷᠢᠯᠲᠠ ᠪᠣᠯᠭᠠᠵᠤ᠂ ᠪᠦᠬᠦ ᠬᠤᠰᠢᠭᠤᠨ ᠤ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠲᠤᠬᠢᠷᠠᠭᠤᠯᠤᠨ ᠪᠠᠶᠢᠷᠢᠯᠠᠭᠤᠯᠪᠠ᠃ 

安全生产会议1.webp.jpg

      ᠬᠤᠷᠠᠯ ᠠᠴᠠ ︽ᠤᠷᠠᠳ ᠤᠨ ᠡᠮᠦᠨᠡᠲᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ

ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠤᠩᠰᠢᠨ ᠲᠠᠶᠢᠯᠪᠤᠷᠢᠯᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ

ᠲᠥᠪᠯᠡᠷᠡᠭᠦᠯᠦᠨ ᠬᠡᠮ ᠰᠣᠭᠤᠭ ᠢ ᠨᠢ ᠠᠷᠢᠯᠭᠠᠵᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠵᠢᠴᠢ

ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ 

     ᠬᠤᠷᠠᠯ ᠠᠴᠠ  ᠵᠢᠭᠠᠵᠤ ᠭᠠᠷᠭᠠᠭᠰᠠᠨ ᠨᠢ᠂ ᠡᠯ᠎ᠡ ᠰᠤᠮᠤ ᠪᠠᠯᠭᠠᠰᠤ᠂ ᠮᠠᠯ ᠠᠵᠤ ᠠᠬᠤᠶ ᠲᠠᠷᠢᠶᠠᠯᠠᠩ ᠵᠢᠭᠠᠰᠤᠨ ᠲᠠᠯᠠᠪᠠᠶ᠂ ᠡᠯ᠎ᠡ ᠬᠤᠯᠪᠣᠭᠳᠠᠯ

ᠪᠥᠬᠦᠶ ᠰᠠᠯᠠᠭ᠎ᠠ ᠮᠥᠴᠢᠷ ᠤᠨ ᠬᠢᠨ ᠠᠶᠤᠯᠭᠦᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ

ᠠᠵᠢᠯᠯᠠᠭ᠎ᠠ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠨᠵᠡᠭᠡᠶ ᠲᠠᠨᠢᠵᠤ᠂ ᠠᠵᠢᠯᠯᠠᠭ᠎ᠠ ᠶᠢᠨ ᠲᠥᠰᠦᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ

ᠪᠣᠯᠤᠨ ᠠᠵᠢᠯ ᠤᠨ ᠭᠤᠤᠯᠳᠠᠯᠭ᠎ᠠ ᠶᠣᠰᠣᠭᠠᠷ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠪᠡ᠃

     ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ

ᠪᠠᠷᠢᠮᠲᠠᠯᠠᠨ᠂ ᠦᠵᠡᠯ ᠰᠠᠨᠠᠭ᠎ᠠ ᠲᠠᠨᠢᠯᠲᠠ ᠪᠠᠨ ᠨᠠᠮ ᠤᠨ ᠲᠥᠪ ᠬᠤᠷᠢᠶ᠎ᠠ᠂ ᠣᠷᠣᠨ᠂ ᠬᠤᠲᠠ᠂ ᠬᠤᠰᠢᠭᠤᠨ ᠤ ᠠᠶᠤᠯ ᠥᠬᠡᠶ ᠦᠢᠯᠡᠳᠪᠦᠷᠢᠯᠡᠯ ᠤᠨ

ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂

ᠳᠤᠲᠠᠭᠤᠳᠠᠯ ᠢᠶᠠᠨ ᠨᠥᠬᠦᠪᠥᠷᠢᠯᠡᠨ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃

ᠡᠭᠦᠷᠭᠡ ᠬᠠᠷᠠᠯᠲᠠ ᠪᠠᠨ ᠲᠣᠳᠣᠷᠬᠠᠶᠢᠯᠠᠵᠤ᠂ ᠭᠤᠤᠯᠳᠠᠯᠭ᠎ᠠ ᠲᠠᠢ ᠭᠤᠭᠴᠤᠭ᠎ᠠ ᠶᠢ ᠳᠣᠪᠤᠶᠢᠯᠭᠠᠨ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠭᠠᠯ

ᠰᠡᠷᠭᠡᠶᠢᠯᠡᠵᠦ ᠭᠠᠯ ᠤᠨᠲᠠᠷᠠᠭᠠᠬᠤ᠂ ᠰᠢᠲᠠᠮᠠᠬᠠᠶ ᠬᠡᠶ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠤ

ᠠᠩᠬᠠᠷᠤᠯ ᠢᠶᠠᠨ ᠲᠥᠪᠯᠡᠷᠡᠭᠦᠯᠵᠦ᠂ ᠶᠢᠰᠦᠨ ᠪᠠᠭ᠎ᠠ ᠲᠠᠯᠠᠪᠤᠷ ᠭᠠᠵᠠᠷ᠂ ᠨᠠᠰᠤᠲᠠᠨ ᠢ ᠠᠰᠠᠷᠠᠬᠤ ᠬᠦᠷᠢᠶᠡᠯᠡᠩ᠂ ᠣᠯᠠᠨ ᠡᠵᠡᠩᠨᠡᠯᠲᠡ ᠶᠢᠨ ᠬᠡᠯᠪᠡᠷᠢ

ᠪᠠᠶᠢᠳᠠᠯ ᠢᠶᠠᠷ ᠡᠵᠡᠩᠨᠡᠵᠦ ᠪᠠᠶᠢᠭ᠎ᠠ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠬᠢᠨᠠᠯᠲᠠ ᠳᠡᠯᠪᠢᠨ ᠪᠠᠶᠢᠴᠠᠭᠠᠬᠤ ᠪᠠᠨ ᠴᠢᠩᠭᠠᠳᠬᠠᠨ᠂

ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠦᠨᠳᠦ ᠶᠡᠭᠡ ᠠᠳᠡᠯ ᠤᠨ ᠬᠡᠮ ᠰᠣᠭᠤᠭ ᠢ ᠴᠡᠭᠴᠡᠯᠡᠨ ᠵᠠᠰᠠᠬᠤ᠂

ᠠᠶᠤᠯᠭᠦᠶ ᠦᠢᠯᠡᠳᠪᠦᠷᠢᠯᠡᠯ ᠤᠨ ᠦᠨᠳᠦᠰᠦᠨ ᠱᠠᠲᠤ ᠶᠢ ᠰᠢᠯᠢᠳᠡᠭᠵᠢᠭᠦᠯᠬᠦ᠂ ᠠᠵᠢᠯᠲᠠᠨ ᠤ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂

ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢ ᠴᠢᠩᠭ᠎ᠠ ᠬᠢᠨᠠᠨ ᠬᠠᠮᠢᠶᠠᠷᠬᠤ ᠵᠡᠷᠭᠡ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠢᠶᠠᠷ ᠪᠣᠳᠠᠲᠠᠶ

ᠠᠳᠬᠤᠵᠤ᠂ ᠠᠳᠡᠯ ᠤᠨ ᠬᠡᠮ ᠰᠣᠭᠤᠭ ᠢ ᠪᠥᠬᠦ ᠲᠠᠯ᠎ᠠ ᠪᠠᠷ ᠠᠷᠢᠯᠭᠠᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂

ᠬᠠᠷᠢᠭᠤᠴᠠᠯᠭ᠎ᠠ ᠲᠤᠯᠭᠠᠬᠤ ᠦᠷ᠎ᠡ ᠪᠦᠲᠦᠮᠵᠢ ᠶᠢ ᠠᠰᠠᠭᠤᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠯ᠎ᠡ  ᠬᠦᠷᠢᠶ᠎ᠡ᠂ ᠡᠯ᠎ᠡ ᠭᠤᠭᠴᠤᠭ᠎ᠠ ᠳᠤ

ᠠᠮᠤᠷ ᠲᠦᠪᠰᠢᠨ ᠪᠣᠯ ᠲᠠᠶᠢᠱᠠᠨ ᠠᠭᠤᠯᠠᠨ ᠠᠴᠠ ᠴᠢᠬᠤᠯᠠ ᠭᠡᠬᠦ ᠡᠨᠡ ᠬᠦ ᠦᠨᠳᠦᠰᠦᠨ ᠵᠠᠷᠴᠢᠮ ᠢ ᠴᠠᠭ ᠢᠮᠠᠭᠲᠠ ᠪᠠᠲᠤ ᠴᠡᠭᠡᠵᠢᠯᠡᠵᠦ᠂ ᠠᠶᠤᠯᠭᠦᠢ

ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠬᠤᠷᠢᠭᠯᠠᠵᠤ᠂ ᠦᠨᠳᠦᠰᠦ ᠠᠴᠠ ᠨᠢ ᠵᠠᠰᠠᠬᠤ

ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠰᠠᠶᠢᠨ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ