ᠸᠠᠩ ᠵᠢᠶᠦ᠋ᠨ ᠵᠢᠶᠧ 2024 ᠣᠨ ᠤ ᠭᠤᠷᠪᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/7
      4 ᠰᠠᠷ᠎ᠠ ᠶᠢᠨ 3 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ 2024 ᠣᠨ ᠤ ᠭᠤᠷᠪᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

3次常务会.webp.jpg

      ᠬᠤᠷᠠᠯ ᠠᠴᠠ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ

ᠳᠠᠷᠤᠭᠠᠰᠤ ᠶᠢ ᠬᠥᠩᠭᠡᠷᠡᠭᠦᠯᠬᠦ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠬᠤᠲᠠ ᠶᠢᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠶᠢᠨ ᠵᠢᠭᠠᠪᠤᠷᠢ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ

ᠴᠢᠬᠤᠯᠠᠴᠢᠯᠠᠭᠰᠠᠨ ᠨᠢ ᠨᠠᠮ ᠤᠨ ᠲᠥᠪ ᠬᠤᠷᠢᠶᠠᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ

ᠡᠷᠡᠰ ᠵᠣᠷᠢᠭ ᠢ ᠭᠦᠨᠵᠡᠭᠡᠢ ᠲᠠᠨᠢᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠷᠠᠳᠤᠭᠰᠠᠨ ︽ᠭᠤᠷᠪᠠᠨ ᠣᠯᠠᠨ ᠭᠤᠷᠪᠠᠨ

ᠴᠥᠭᠡᠨ ᠭᠤᠷᠪᠠᠨ ᠤᠳᠠᠭᠠᠨ︾ ᠤ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ

ᠬᠤᠪᠢᠷᠠᠭᠤᠯᠬᠤ ᠬᠡᠷᠡᠭᠲᠡᠶ᠂ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠦᠵᠡᠬᠦ᠂ ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠬᠤ᠂ ︽ᠲᠠᠪᠤᠨ

ᠶᠡᠭᠡ ᠡᠭᠦᠷᠭᠡ︾ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠦᠷᠭᠡᠳᠭᠡᠵᠦ᠂ ᠭᠤᠤᠯᠳᠠᠯᠭ᠎ᠠ ᠲᠠᠢ ᠵᠠᠯᠠᠷᠠᠭᠤᠯᠤᠨ ᠵᠠᠰᠠᠵᠤ ᠠᠯᠪᠠᠨ ᠪᠢᠴᠢᠭ

ᠰᠢᠢᠳᠪᠦᠷᠢᠯᠡᠬᠦ ᠬᠤᠷᠠᠯ ᠡᠷᠭᠢᠯᠡᠬᠦ᠂ ᠬᠢᠨᠠᠨ ᠪᠠᠶᠢᠴᠠᠭᠠᠬᠤ᠂ ᠪᠠᠶᠢᠴᠠᠭᠠᠨ ᠰᠤᠳᠤᠯᠬᠤ ᠵᠡᠷᠭᠡ ᠬᠦᠷᠢᠶᠡᠨ ᠳᠠᠬᠢ ᠲᠣᠪᠦ᠋ᠮ᠎ᠠ ᠠᠰᠠᠭᠤᠳᠠᠯ ᠢ ᠪᠠᠶᠢᠴᠠᠭᠠᠨ 

ᠰᠤᠳᠤᠯᠵᠤ᠂ ᠦᠨᠳᠦᠰᠦᠨ ᠱᠠᠲᠤᠨ ᠤ ᠺᠠᠳ᠋ᠷ ᠨᠠᠩ ᠣᠯᠠᠨ ᠴᠠᠭ ᠪᠠ ᠣᠶᠤᠨ ᠴᠢᠳᠠᠯ ᠢᠶᠠᠨ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠂

ᠬᠥᠭᠵᠢᠯᠲᠡ ᠶᠢ ᠠᠬᠢᠭᠤᠯᠬᠤ ᠶᠢ ᠤᠯᠠᠮᠵᠢᠯᠠᠨ ᠰᠤᠷᠤᠯᠴᠠᠪᠠ᠃

      ᠬᠤᠷᠠᠯ ᠠᠴᠠ ᠪᠠᠰᠠ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ

ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠠᠬᠢᠭᠤᠯᠬᠤ ᠲᠤᠬᠠᠶ

ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ᠶᠡᠷᠦᠩᠬᠡᠶ ᠱᠦᠵᠢ ᠰᠢ ᠶᠢᠨ

ᠫᠢᠩ ᠤᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ

ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠬᠦ ᠲᠠᠰᠢᠷᠠᠮ ᠢᠶᠠᠷ ᠭᠠᠷᠭᠠᠭᠰᠠᠨ ᠴᠢᠬᠤᠯᠠ ᠵᠢᠭᠠᠪᠤᠷᠢ᠂ ᠬᠤᠷᠢᠳᠤᠭᠠᠷ ᠬᠤᠭᠤᠴᠠᠭᠠᠨ ᠤ ᠲᠥᠪ ᠤᠨ

ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃

      ᠬᠤᠷᠠᠯ ᠠᠴᠠ ︽ᠭᠠᠵᠠᠷ ᠳᠤᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ︾ ᠵᠡᠷᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠳᠤ

ᠲᠠᠶᠢᠯᠤᠮᠵᠢ ᠬᠢᠵᠦ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠭᠠᠵᠠᠷ ᠳᠤᠤᠷᠠᠬᠢ ᠤᠰᠤᠨ ᠤ

ᠬᠠᠮᠢᠶᠠᠷᠤᠯᠲᠠ ᠶᠢ ᠴᠢᠩᠭᠠᠳᠬᠠᠬᠤ ᠶᠢ ᠤᠰᠤᠨ ᠤ ᠡᠬᠢ ᠪᠠᠶᠠᠯᠢᠭ ᠤᠨ ᠬᠢᠵᠠᠭᠠᠷᠯᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠤᠯᠪᠣᠭᠳᠠᠯ

ᠪᠥᠬᠦᠶ ᠲᠥᠷᠥ ᠶᠢᠨ ᠪᠣᠳᠣᠯᠭ᠎ᠠ ᠶᠢ ᠪᠥᠬᠦ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠭᠤᠣᠯᠳᠠᠯᠭ᠎ᠠ ᠳᠤ

ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠬᠤ ᠶᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂

ᠭᠠᠵᠠᠷ ᠳᠣᠣᠷᠠᠬᠢ ᠤᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠨ ᠬᠡᠷᠡᠭᠯᠡᠵᠦ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠠᠪᠬᠤ

ᠨᠥᠬᠦᠪᠥᠷᠢᠯᠡᠬᠦ ᠶᠢ ᠳᠠᠷᠤᠢ ᠲᠦᠷᠭᠡᠨ ᠲᠡᠩᠴᠡᠭᠦᠷᠢᠰᠢᠭᠦᠯᠭᠦ ᠬᠡᠷᠡᠭᠲᠡᠢ᠃ ᠤᠬᠠᠭᠤᠯᠭ᠎ᠠ ᠪᠠᠨ ᠤᠯᠠᠮ ᠨᠢᠭᠡ ᠠᠯᠬᠤᠮ ᠴᠢᠩᠬᠠᠳᠬᠠᠵᠤ᠂ ᠪᠦᠬᠦ ᠨᠡᠶᠢᠭᠡᠮ ᠳᠤ

ᠭᠠᠵᠠᠷ ᠳᠤᠤᠷᠠᠬᠢ ᠤᠰᠤ ᠶᠢ ᠬᠠᠮᠠᠭᠠᠯᠠᠬᠤ᠂ ᠭᠠᠵᠠᠷ ᠳᠤᠤᠷᠠᠬᠢ ᠤᠰᠤ ᠶᠢ ᠠᠷᠪᠢᠯᠠᠨ ᠠᠰᠢᠭᠯᠠᠬᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠪᠣᠶ

ᠪᠣᠯᠭᠠᠬᠤ ᠬᠡᠷᠡᠭᠲᠡᠶ ᠭᠡᠪᠡ᠃

     ᠬᠤᠷᠠᠯ ᠠᠴᠠ ᠪᠠᠰᠠ ᠦᠨᠡᠨᠴᠢ ᠢᠲᠡᠭᠡᠮᠵᠢᠲᠡᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ ︽  ᠤᠮᠠᠷᠠᠲᠤ ᠶᠢᠨ ᠭᠤᠷᠪᠠᠨ ᠣᠷᠤᠨ︾  ᠤ

ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ

ᠲᠤᠬᠢᠷᠠᠭᠤᠯᠤᠨ ᠪᠠᠶᠢᠷᠢᠯᠠᠭᠤᠯᠵᠠᠢ︔ ︽ᠤᠷᠠᠳ ᠤᠨ ᠡᠮᠦᠨᠡᠲᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ

ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵20242026︶ ︵ᠬᠢᠨᠠᠭᠤᠯᠬᠤ ᠨᠤᠤᠷᠠᠭ︶︾᠂ 2024 ᠣᠨ ᠤ

ᠤᠶᠤᠲᠠᠳ ᠤᠨ ᠴᠤᠭᠯᠠᠷᠠᠯ ᠤᠨ ᠲᠥᠯᠥᠪᠯᠡᠭᠡ ᠶᠢ ᠬᠡᠷᠡᠭᠵᠢᠭᠦᠯᠬᠦ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ