ᠮᠠᠨ ᠤ ᠤᠷᠤᠨ ︽ᠢᠨᠲ᠋ᠧᠷ ᠰᠦᠯᠵᠢᠶ᠎ᠡ + ᠠᠵᠢᠯ ᠣᠯᠭᠤᠯᠲᠠ︾ ᠶᠢᠨ ᠰᠢᠨ᠎ᠡ ᠵᠠᠭᠪᠤᠷ ᠢ ᠡᠬᠦᠳᠴᠦ ᠲᠡᠬᠦᠰᠬᠦ ᠰᠤᠷᠤᠭᠴᠢᠳ ᠤᠨ ᠠᠵᠢᠯ ᠤᠯᠭᠤᠯᠳᠠ ᠶᠢ ᠪᠦᠬᠦ ᠬᠦᠴᠦᠨ ᠢᠶᠠᠷ ᠪᠠᠳᠤᠯᠠᠪᠠ
ᠨᠡᠶᠢᠲᠡᠯᠡᠭᠰᠡᠨ ᠴᠠᠭ᠄
2024/4/7
     2023 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠢᠨᠲ᠋ᠧᠷ ᠰᠦᠯᠵᠢᠶ᠎ᠡ + ᠠᠵᠢᠯ ᠣᠯᠭᠤᠯᠲᠠ︾ ᠶᠢᠨ ᠰᠢᠨ᠎ᠡ ᠵᠠᠭᠪᠤᠷ ᠢ ᠡᠬᠦᠳᠴᠦ᠂ ︽ᠥᠪᠥᠷ ᠮᠣᠩᠭᠤᠯ ᠤᠨ 24365 ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ︾ ᠢ ᠦᠷᠭᠦᠯᠵᠢᠯᠡᠨ ᠲᠡᠭᠦᠯᠳᠡᠷᠵᠢᠭᠦᠯᠵᠦ ᠲᠠᠰ ᠳᠡᠪᠰᠢᠬᠦᠯᠦᠨ᠂ 24 ᠴᠠᠭ ᠢᠶᠠᠷ 365 ᠡᠳᠦᠷ  ᠲᠤ ᠦᠢᠯᠡᠴᠢᠯᠡᠭᠡ ᠬᠠᠩᠭᠠᠬᠤ ︽ᠪᠦᠬᠦᠯᠢ ᠡᠳᠦᠷ + ᠣᠶᠤᠨᠴᠢᠯᠠᠭᠰᠠᠨ︾ ᠲᠠᠪᠴᠠᠩ ᠢ ᠡᠬᠦᠳᠴᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠡᠭᠦᠯᠡᠨ ᠳᠠᠪᠴᠠᠩ ᠢᠶᠠᠷ ᠠᠵᠢᠯ ᠡᠷᠢᠬᠦ︾ ᠨᠦᠬᠦᠴᠡᠯ ᠪᠤᠯᠤᠮᠵᠢ ᠶᠢ ᠪᠦᠷᠢᠯᠳᠦᠬᠦᠯᠦᠭᠰᠡᠨ ᠪᠠᠶᠢᠨ᠎ᠠ᠃ ᠣᠲᠣ ᠪᠣᠯᠲᠠᠯ᠎ᠠ ᠲᠠᠪᠴᠠᠩ ᠳᠤ ᠭᠠᠷᠤᠭᠰᠠᠨ ᠬᠡᠮᠵᠢᠶ᠎ᠡ ᠨᠡᠶᠢᠲᠡ 14 ᠳ᠋ᠦᠩᠰᠢᠭᠤᠷ ᠬᠥᠮᠥᠨ ᠤᠳᠠᠭ᠎ᠠ ᠶᠢ ᠳᠠᠪᠠᠵᠠᠢ᠃    ︽ᠡᠭᠦᠯᠡᠨ ᠡᠯᠰᠡᠯᠳᠠ︾ ᠪᠠᠷ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠢ ᠵᠤᠯᠭᠠᠭᠤᠯᠪᠠ᠃ 2023 ᠣᠨ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠠᠵᠤ ᠠᠬᠤᠶᠢᠯᠠᠯ ᠢᠶᠠᠷ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ︾ ᠠᠵᠢᠯᠯᠠᠭ᠎ᠠ᠂ ︽ᠲᠦᠮᠡᠨ ᠠᠵᠤ ᠠᠬᠤᠶᠢᠯᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠲᠠᠨ ᠤᠷᠢᠵᠤ ᠡᠯᠰᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠰᠦᠯᠵᠢᠶ᠎ᠡ ᠶᠢ ᠨᠢᠭᠲᠠ ᠰᠦᠯᠵᠢᠵᠦ᠂ 2023 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠨ ᠤᠷᠢᠳ ᠬᠤᠵᠢᠳ ︽ᠡᠭᠦᠯᠡᠨ ᠰᠢᠭᠤᠳ ᠨᠡᠪᠲᠡᠷᠡᠭᠦᠯᠭᠡ︾᠂ ︽ᠡᠭᠦᠯᠡᠨ ᠳᠠᠪᠴᠠᠩ ᠢᠶᠠᠷ ᠠᠵᠢᠯ ᠤᠨ ᠪᠠᠶᠢᠷᠢ ᠳᠠᠨᠢᠯᠴᠠᠭᠤᠯᠬᠤ︾ ᠵᠡᠷᠭᠡ ᠠᠵᠢᠯᠯᠠᠭ᠎ᠠ ᠥᠷᠨᠢᠭᠦᠯᠵᠦ᠂ ᠲᠤᠰᠬᠠᠶᠢᠵᠢᠭᠰᠠᠨ ᠂ ᠠᠵᠢᠯ ᠲᠥᠷᠥᠯᠵᠢᠭᠰᠡᠨ ᠰᠦᠯᠵᠢᠶᠡᠨ ᠳᠡᠭᠡᠷᠡᠬᠢ ᠠᠵᠢᠯᠲᠠᠨ ᠤᠷᠢᠵᠤ ᠡᠯᠰᠡᠬᠦ ᠠᠵᠢᠯᠯᠠᠭ᠎ᠠ ᠶᠢ ᠨᠡᠶᠢᠲᠡ 300 ᠭᠠᠷᠤᠢ ᠲᠠᠯᠠᠪᠤᠷ ᠡᠷᠭᠢᠯᠡᠵᠦ᠂ ᠠᠵᠢᠯᠲᠠᠨ ᠡᠯᠰᠡᠬᠦ ᠮᠡᠳᠡᠭᠡ ᠵᠠᠩᠭᠢ ᠶᠢ 8.5 ᠲᠦᠮᠡ ᠨᠡᠶᠢᠲᠡᠯᠡᠵᠦ᠂ 62 ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    ︽ᠡᠭᠦᠯᠡᠨ ᠵᠢᠯᠣᠭᠤᠳᠤᠯᠭ᠎ᠠ︾ ᠪᠠᠷ ᠠᠵᠢᠯ ᠣᠯᠭᠤᠵᠤ ᠬᠥᠮᠥᠨ ᠢ ᠬᠥᠮᠥᠵᠢᠭᠦᠯᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠬᠤ ᠨᠢᠭᠤᠷᠳᠠᠨ ᠵᠢᠯᠣᠭᠤᠳᠤᠯᠭ᠎ᠠ ᠶᠢ ᠥᠷᠨᠢᠭᠦᠯᠬᠦ ᠶᠢ ᠠᠬᠢᠭᠤᠯᠬᠤ ᠶᠢᠨ ᠬᠠᠮᠲᠤ ᠠᠵᠢᠯ ᠮᠡᠷᠭᠡᠵᠢᠯ ᠤᠨ ᠲᠥᠯᠦᠪᠵᠢᠭᠦᠯᠭᠡ ᠪᠠ ᠠᠵᠢᠯ ᠣᠯᠭᠤᠯᠲᠠ ᠶᠢᠨ ᠵᠢᠯᠣᠭᠤᠳᠤᠯᠭ᠎ᠠ ᠶᠢᠨ ᠬᠢᠴᠢᠶᠡᠯ ᠢ ᠲᠠᠰᠤᠷᠠᠯᠲᠠ ᠦᠭᠡᠢ ᠠᠬᠢᠭᠤᠯᠵᠤ᠂ 2023 ᠤᠨ ᠳᠤ ᠲᠡᠭᠦᠰᠬᠦ ᠰᠤᠷᠤᠭᠴᠢᠳ ᠲᠤ ᠴᠢᠭᠯᠡᠬᠦᠯᠦᠭᠰᠡᠨ ᠠᠵᠢᠯ ᠣᠯᠭᠤᠵᠤ ᠦᠢᠯᠡᠰ ᠪᠤᠰᠬᠠᠬᠤ ᠲᠥᠷᠥ ᠶᠢᠨ ᠪᠣᠳᠣᠯᠭ᠎ᠠ ᠶᠢᠨ ᠲᠤᠰᠬᠠᠢ ᠰᠡᠳᠦᠪᠲᠦ ᠲᠠᠶᠢᠯᠤᠮᠵᠢ ᠶᠢ 6 ᠬᠤᠭᠤᠴᠠᠭ᠎ᠠ ᠥᠷᠨᠢᠭᠦᠯᠪᠡ︔ ᠨᠡᠶᠢᠳᠡ ᠶᠢᠨ ᠠᠰᠠᠷᠠᠮᠵᠢ ᠶᠢᠨ ᠬᠢᠴᠢᠶᠡᠯ ᠤᠨ ᠳᠠᠪᠴᠠᠩ ᠳᠤ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠢ 1500 ᠭᠠᠷᠤᠢ ᠴᠠᠭ ᠬᠠᠩᠭᠠᠵᠤ᠂ ᠣᠷᠣᠯᠴᠠᠭᠰᠠᠨ ᠰᠤᠷᠤᠭᠴᠢᠳ ᠤᠨ ᠲᠤᠭ᠎ᠠ 120 ᠲᠦᠮᠡᠨ ᠬᠥᠮᠥᠨ ᠤᠳᠠᠭ᠎ᠠ ᠶᠢ ᠳᠠᠪᠠᠵᠠᠢ᠃   ︽ᠡᠭᠦᠯᠡᠨ ᠦᠢᠯᠡᠴᠢᠯᠡᠭᠡ︾ ᠪᠠᠷ ᠠᠵᠢᠯ ᠣᠯᠭᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠠᠵᠢᠯ ᠡᠷᠢᠵᠦ ᠠᠵᠢᠯᠳᠠᠨ ᠡᠯᠰᠡᠬᠦ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠳᠤ ᠲᠥᠬᠦᠮ ᠦᠵᠡᠬᠦᠯᠬᠦ ᠶᠢᠨ ᠲᠦᠯᠦᠬᠡ ︽ᠲᠡᠭᠦᠰᠬᠦ ᠰᠣᠷᠣᠭᠴᠢᠳ ᠤᠨ ᠠᠵᠢᠯ ᠣᠯᠬᠤ ᠶᠠᠪᠤᠳᠠᠯ︾ ᠪᠠ ︽ᠬᠥᠮᠥᠨ ᠬᠡᠷᠡᠭᠯᠡᠬᠦ ᠨᠢᠭᠡᠴᠢ ᠶᠢᠨ ᠠᠵᠢᠯᠲᠠᠨ ᠡᠯᠰᠡᠬᠦ ᠶᠠᠪᠤᠳᠠᠯ︾ ᠭᠡᠬᠦ ᠲᠤᠰᠬᠠᠢ ᠪᠤᠯᠤᠩ ᠭᠠᠷᠭᠠᠵᠤ᠂ ᠲᠡᠭᠦᠰᠬᠦ ᠰᠣᠷᠣᠭᠴᠢ ᠪᠠ ᠬᠥᠮᠥᠨ ᠬᠡᠷᠡᠭᠯᠡᠬᠦ ᠨᠢᠭᠡᠴᠢ ᠳᠤ ᠬᠠᠨᠳᠤᠭᠤᠯᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠤᠨ ᠪᠠᠶᠢᠷᠢ ᠶᠢᠨ ᠬᠠᠶᠢᠯᠲᠠ᠂ ᠨᠢᠭᠤᠷᠲᠠᠨ ᠰᠢᠯᠭᠠᠬᠤ᠂ ᠭᠡᠷ᠎ᠡ ᠲᠣᠭᠲᠠᠬᠤ ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ ᠠᠵᠢᠯ ᠤᠯᠭᠤᠯᠳᠠ ᠶᠢᠨ ᠬᠠᠨᠳᠤᠰᠢ᠂ ᠲᠠᠩᠰᠠ ᠡᠪᠬᠡᠮᠡᠯ ᠢᠶᠠᠨ ᠳᠠᠮᠵᠢᠭᠤᠯᠬᠤ ᠵᠡᠷᠭᠡ ᠪᠥᠬᠦ ᠲᠠᠯ᠎ᠠ ᠶᠢᠨ ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠪᠠ᠃ ᠪᠦᠷᠢᠳᠭᠡᠯ ᠢᠶᠠᠷ᠂ 2023 ᠣᠨ ᠳᠤ 7.27 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠠᠪᠴᠠᠩ ᠢᠶᠠᠷ ᠳᠠᠮᠵᠢᠨ ᠭᠡᠷ᠎ᠡ ᠳᠤᠭᠳᠠᠪᠠ᠃   ᠲᠠᠷᠠᠭᠠᠴᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠢᠨᠲ᠋ᠧᠷ ᠰᠦᠯᠵᠢᠶ᠎ᠡ + ᠠᠵᠢᠯ ᠣᠯᠭᠤᠯᠲᠠ︾ ᠶᠢᠨ ᠰᠢᠨ᠎ᠡ ᠵᠠᠭᠪᠤᠷ ᠢ ᠦᠷᠭᠦᠯᠵᠢᠯᠡᠨ ᠰᠠᠶᠢᠲᠤᠷ ᠬᠡᠷᠡᠭᠯᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠡᠬᠢ ᠪᠠᠶᠠᠯᠢᠭ ᠢ ᠨᠡᠶᠢᠳᠬᠡᠬᠦ᠂ ᠲᠤᠭ᠎ᠠ ᠪᠠᠷᠢᠮᠲᠠ ᠶᠢ ᠵᠠᠳᠠᠯᠬᠤ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠡᠭᠦᠰᠬᠦ ᠰᠤᠷᠤᠭᠴᠢᠳ ᠲᠤ ᠨᠠᠩ ᠣᠯᠠᠨ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠠᠭᠤᠳᠠᠯᠤᠨ ᠥᠭᠴᠦ᠂ ᠨᠠᠩ ᠣᠯᠠᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠬᠠᠩᠭᠠᠨ᠂ ᠠᠵᠢᠯ ᠡᠷᠢᠬᠦ ᠳᠤ ᠬᠦᠴᠦᠨ ᠨᠡᠮᠡᠷᠢᠯᠡᠨ᠎ᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ