ᠤᠯᠤᠰ ᠠᠴᠠ ᠲᠥᠷᠥ ᠶᠢᠨ ᠪᠣᠳᠣᠯᠭ᠎ᠠ ᠨᠡᠶᠢᠲᠡᠯᠡᠵᠦ ᠮᠠᠨ ᠤ ᠤᠷᠤᠨ ᠢ ᠳᠡᠮᠵᠢᠪᠡ
ᠨᠡᠶᠢᠲᠡᠯᠡᠭᠰᠡᠨ ᠴᠠᠭ᠄
2024/4/7
    ︽ᠥᠪᠥᠷ ᠮᠣᠩᠭᠤᠯ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠮᠡᠳᠡᠭᠳᠡᠯ︾ ︵ᠲᠤᠷᠤᠭᠰᠢ ︽ᠮᠡᠳᠡᠭᠳᠡᠯ︾ ᠭᠡᠵᠦ ᠲᠦᠭᠦᠮᠴᠢᠯᠡᠪᠡ︶ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃    ︽ᠮᠡᠳᠡᠭᠳᠡᠯ︾ ᠳᠤ᠂ ᠥᠪᠥᠷ ᠮᠣᠩᠭᠤᠯ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠳᠤ ᠤᠯᠠᠮ ᠨᠢᠭᠡ ᠠᠯᠬᠤᠮ ᠠᠵᠢᠯ ᠤᠨ ᠪᠠᠶᠢᠷᠢᠯᠠᠭᠤᠯᠤᠯᠲᠠ ᠬᠢᠵᠦ᠂ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠣᠷᠣᠨ ᠪᠦᠰᠡ ᠶᠢᠨ ᠪᠥᠬᠦ ᠲᠠᠯ᠎ᠠ ᠪᠠᠷ ᠨᠡᠭᠡᠭᠡᠯᠲᠡ ᠬᠢᠵᠦ ᠬᠠᠮᠲᠤᠷᠠᠯᠴᠠᠬᠤ ᠶᠢ ᠭᠦᠨᠵᠡᠭᠡᠶᠢᠷᠡᠭᠦᠯᠬᠦ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠪᠠ᠃   ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ ᠪᠠᠶᠢᠭᠠᠳ ᠥᠪᠥᠷ ᠮᠣᠩᠭᠤᠯ ᠤᠨ ᠨᠥᠬᠦᠴᠡᠯ ᠳᠤ ᠨᠡᠶᠢᠴᠡᠬᠦ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠣᠷᠴᠢᠨ ᠲᠤᠭᠤᠷᠢᠨ ᠤ ᠰᠠᠭᠤᠷᠢ ᠲᠥᠬᠦᠭᠡᠷᠦᠮᠵᠢ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ ᠭᠡᠵᠡᠢ᠃   ᠢᠷᠡᠯᠲᠡ᠄ ᠰᠢᠨᠬᠤᠸᠠ ᠰᠦᠯᠵᠢᠶ᠎ᠡ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ