ᠡᠯᠧᠺᠲᠷᠣᠨ‌‍ᠲ᠋ᠡᠷᠭᠡᠨ ᠪᠢᠯᠧᠲ ᠢ ᠨᠡᠶᠢᠳᠡᠮ ᠬᠡᠷᠡᠭᠯᠡᠨ᠎ᠡ
ᠨᠡᠶᠢᠲᠡᠯᠡᠭᠰᠡᠨ ᠴᠠᠭ᠄
2024/4/7
    ᠰᠤᠷᠪᠤᠯᠵᠢᠯᠠᠭᠴᠢ 5 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠡᠨᠡ ᠵᠢᠯ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠭᠠᠳᠠᠭᠠᠳᠤ ᠶᠢᠨ ᠬᠥᠮᠥᠨ ᠤ ᠥᠨᠢᠳᠡ ᠣᠷᠣᠰᠢᠨ ᠰᠠᠭᠤᠬᠤ ᠪᠡᠶ᠎ᠡ ᠶᠢᠨ ᠦᠨᠡᠮᠯᠡᠯ ᠵᠡᠷᠭᠡ ᠦᠨᠡᠨ ᠨᠡᠷ᠎ᠡ ᠶᠢᠨ ᠭᠡᠷᠡᠴᠢ ᠦᠨᠡᠮᠯᠡᠯ ᠢᠶᠠᠷ ᠰᠦᠯᠵᠢᠶᠡᠨ ᠳᠡᠭᠡᠷ᠎ᠡ ᠠᠴᠠ ᠡᠯᠧᠺᠲᠷᠣᠨ ᠪᠢᠯᠧᠲ ᠬᠤᠳᠠᠯᠳᠤᠨ ᠠᠪᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠪᠤᠯᠤᠨ᠎ᠠ᠃    ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠠᠷᠤᠮᠠᠯᠯᠠᠨ ᠲᠠᠷᠬᠠᠭᠠᠭᠰᠠᠨ 2024 ᠣᠨ ᠳᠤ ᠠᠶᠠᠨᠴᠢᠳ ᠤᠨ ᠵᠦᠬᠡᠭᠡᠪᠦᠷᠢ ᠶᠢᠨ  ᠡᠯᠧᠺᠲᠷᠣᠨ ᠲᠡᠷᠭᠡᠨ ᠪᠢᠯᠧᠲ ᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠬᠦ ᠠᠵᠢᠯ ᠤᠨ ᠲᠥᠰᠥᠯ ᠳᠤ᠂ ᠡᠨᠡ ᠵᠢᠯ ᠤᠨ 10 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠶᠠᠨᠴᠢᠳ ᠤᠨ ᠵᠦᠭᠡᠭᠡᠪᠦᠷᠢ ᠶᠢᠨ  ᠡᠯᠧᠺᠲᠷᠣᠨ ᠲᠡᠷᠭᠡᠨ ᠪᠢᠯᠧᠲ ᠢ ᠦᠨᠳᠦᠰᠦᠨ ᠳᠡᠭᠡᠨ ᠪᠦᠷᠢᠨ ᠪᠦᠷᠬᠦᠭᠦᠯᠬᠦ ᠬᠠᠷᠠᠯᠲᠠ ᠲᠠᠢ ᠬᠠᠷᠢᠴᠠᠭᠤᠯᠵᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠭᠠᠳᠠᠭᠠᠳᠤ ᠶᠢᠨ ᠬᠥᠮᠥᠨ ᠤ ᠥᠨᠢᠳᠡ ᠣᠷᠣᠰᠢᠨ ᠰᠠᠭᠤᠬᠤ ᠪᠡᠶ᠎ᠡ ᠶᠢᠨ ᠦᠨᠡᠮᠯᠡᠯ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ᠂ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ ᠭᠠᠵᠠᠷ ᠲᠤ ᠢᠷᠡᠵᠦ ᠶᠠᠪᠤᠬᠤ ᠦᠨᠡᠮᠯᠡᠯ᠂ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠢ ᠳᠤ ᠢᠷᠡᠵᠦ ᠶᠠᠪᠤᠬᠤ ᠦᠨᠡᠮᠯᠡᠯ ᠵᠡᠷᠭᠡ ᠦᠨᠡᠨ ᠨᠡᠷ᠎ᠡ ᠶᠢᠨ ᠭᠡᠷᠡᠴᠢ ᠦᠨᠡᠮᠯᠡᠯ ᠢ ᠬᠡᠷᠡᠭᠯᠡᠵᠦ ᠰᠦᠯᠵᠢᠶᠡᠨ ᠳᠡᠭᠡᠷ᠎ᠡ ᠠᠴᠠ ᠡᠯᠧᠺᠲᠷᠣᠨ ᠲᠡᠷᠭᠡᠨ ᠪᠢᠯᠧᠲ ᠬᠤᠳᠠᠯᠳᠤᠨ ᠠᠪᠬᠤ ᠶᠢ ᠳᠡᠮᠵᠢᠬᠦ ᠶᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠭᠦᠨ ᠤ ᠬᠠᠮᠲᠤ᠂ ᠦᠨᠡᠨ ᠨᠡᠷ᠎ᠡ ᠪᠠᠷ ᠬᠠᠮᠢᠶᠠᠷᠴᠤ ᠪᠠᠶᠢᠭ᠎ᠠ ᠬᠤᠶᠠᠳᠤᠭᠠᠷ ᠳᠡᠰ ᠠᠴᠠ ᠳᠡᠭᠡᠭᠰᠢᠬᠢ ᠮᠠᠰᠢᠨ ᠲᠡᠷᠭᠡᠨ ᠤ ᠥᠷᠲᠡᠭᠡ ᠂ ᠲᠣᠭᠲᠠᠭᠰᠠᠨ ᠠᠶᠠᠨᠴᠢᠳ ᠤᠨ ᠵᠦᠭᠡᠭᠡᠪᠦᠷᠢ ᠶᠢᠨ ᠵᠠᠮ ᠱᠤᠭᠤᠮ ᠤᠨ  ᠡᠯᠧᠺᠲᠷᠣᠨ ᠪᠢᠯᠧᠲ ᠤᠨ ᠪᠦᠷᠬᠦᠴᠡ ᠶᠢᠨ ᠨᠣᠷᠮ᠎ᠠ ᠶᠢ 99% ᠠᠴᠠ ᠳᠡᠭᠡᠭᠰᠢ ᠳᠤ ᠬᠦᠷᠦᠭᠦᠯᠵᠦ᠂ ᠮᠤᠵᠢ ᠶᠢᠨ ᠬᠤᠭᠤᠷᠣᠨᠳᠣᠬᠢ ᠬᠤᠲᠠ ᠶᠢᠨ ᠬᠤᠭᠤᠷᠣᠨᠳᠣᠬᠢ ᠵᠠᠮ ᠱᠤᠭᠤᠮ ᠤᠨ  ᠡᠯᠧᠺᠲᠷᠣᠨ ᠪᠢᠯᠧᠲ ᠤᠨ ᠪᠦᠷᠬᠦᠴᠡ ᠶᠢᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃    ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠰᠠᠭᠤᠷᠢ ᠲᠤᠭ᠎ᠠ ᠶᠢ ᠣᠶᠢᠯᠠᠭᠠᠨ ᠵᠢᠭᠰᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠡᠯ᠎ᠡ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠬᠠᠷᠢᠶ᠎ᠠ ᠣᠷᠣᠨ ᠤ ᠪᠠᠨ ᠳᠣᠲᠣᠷᠠᠬᠢ ᠬᠤᠶᠠᠳᠤᠭᠠᠷ ᠳᠡᠰ ᠠᠴᠠ ᠳᠡᠭᠡᠭᠰᠢᠬᠢ ᠮᠠᠰᠢᠨ ᠲᠡᠷᠭᠡᠨ ᠤ ᠥᠷᠲᠡᠭᠡ᠂ ᠠᠶᠠᠨᠴᠢᠳ ᠤᠨ ᠵᠦᠭᠡᠭᠡᠪᠦᠷᠢ ᠶᠢᠨ ᠵᠠᠮ ᠱᠤᠭᠤᠮ᠂ ᠮᠤᠵᠢ ᠶᠢᠨ ᠬᠤᠭᠤᠷᠣᠨᠳᠣᠬᠢ ᠬᠤᠲᠠ ᠶᠢᠨ ᠬᠤᠭᠤᠷᠣᠨᠳᠣᠬᠢ ᠠᠶᠠᠨᠴᠢᠳ ᠤᠨ ᠵᠦᠭᠡᠭᠡᠪᠦᠷᠢ ᠶᠢᠨ ᠱᠤᠭᠤᠮ ᠤᠨ ᠰᠠᠭᠤᠷᠢ ᠲᠤᠭ᠎ᠠ ᠪᠠ  ᠡᠯᠧᠺᠲᠷᠣᠨ ᠲᠡᠷᠭᠡᠨ ᠪᠢᠯᠧᠲ ᠤᠨ ᠦᠢᠯᠡᠴᠢᠯᠡᠭᠡᠨ ᠤ ᠪᠦᠷᠬᠦᠴᠡ ᠶᠢᠨ ᠪᠠᠶᠢᠳᠠᠯ ᠵᠢᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ ᠭᠠᠳᠠᠭᠠᠳᠤ ᠶᠢᠨ ᠬᠥᠮᠥᠨ ᠤ ᠥᠨᠢᠳᠡ ᠣᠷᠣᠰᠢᠨ ᠰᠠᠭᠤᠬᠤ ᠪᠡᠶ᠎ᠡ ᠶᠢᠨ ᠦᠨᠡᠮᠯᠡᠯ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ᠂ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ ᠭᠠᠵᠠᠷ ᠲᠤ ᠢᠷᠡᠵᠦ ᠶᠠᠪᠤᠬᠤ ᠦᠨᠡᠮᠯᠡᠯ᠂ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠢ ᠳᠤ ᠢᠷᠡᠵᠦ ᠶᠠᠪᠤᠬᠤ ᠦᠨᠡᠮᠯᠡᠯ ᠵᠡᠷᠭᠡ ᠦᠨᠡᠨ ᠨᠡᠷ᠎ᠡ ᠶᠢᠨ ᠭᠡᠷᠡᠴᠢ ᠦᠨᠡᠮᠯᠡᠯ ᠢᠶᠠᠷ ᠰᠦᠯᠵᠢᠶᠡᠨ ᠳᠡᠭᠡᠷ᠎ᠡ ᠠᠴᠠ  ᠡᠯᠧᠺᠲᠷᠣᠨ ᠲᠡᠷᠭᠡᠨ ᠪᠢᠯᠧᠲ ᠬᠤᠳᠠᠯᠳᠤᠨ ᠠᠪᠬᠤ ᠶᠢ ᠳᠡᠮᠵᠢᠬᠦ ᠪᠠᠶᠢᠳᠠᠯ ᠢ ᠵᠢᠭᠰᠠᠭᠠᠨ ᠪᠦᠷᠢᠳᠭᠡᠵᠦ᠂ ᠰᠠᠭᠤᠷᠢ ᠲᠣᠭᠠᠨ ᠤ ᠡᠬᠡ ᠲᠠᠩᠰᠠ ᠪᠠᠶᠢᠭᠤᠯᠤᠨ᠎ᠠ᠃ ᠬᠠᠷᠢᠶ᠎ᠠ ᠣᠷᠣᠨ ᠤ ᠳᠣᠲᠣᠷ᠎ᠠ ᠡᠯᠧᠺᠳ᠋ᠷᠣᠨ ᠪᠢᠯᠧᠲ ᠤᠨ ᠦᠢᠯᠡᠴᠢᠯᠡᠭᠡ ᠶᠢ ᠬᠠᠷᠠᠬᠠᠨ ᠬᠠᠮᠤᠷᠤᠭᠠᠳᠤᠢ ᠪᠠᠶᠢᠪᠠᠯ᠂ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠪᠤᠢ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠵᠢᠴᠢ ᠪᠡᠶᠡᠯᠡᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠢ᠃    ᠲᠣᠰ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠡᠨᠡ ᠵᠢᠯ ᠤᠨ 9 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠡᠯ᠎ᠡ ᠬᠤᠲᠠ ᠰᠢᠶᠠᠨ ᠢ ᠵᠣᠬᠢᠶᠠᠨ ᠪᠠᠶᠢᠭᠤᠯᠵᠤ  ᠡᠯᠧᠺᠲᠷᠣᠨ ᠲᠡᠷᠭᠡᠨ ᠪᠢᠯᠧᠲ ᠤᠨ ᠬᠡᠷᠡᠭᠯᠡᠯᠲᠡ ᠶᠢᠨ ᠦᠢᠯᠡᠴᠢᠯᠡᠭᠡ ᠶᠢ ᠪᠡᠶᠡᠯᠡᠭᠦᠯᠦᠭᠰᠡᠨ ᠦᠭᠡᠢ ᠬᠤᠶᠠᠳᠤᠭᠠᠷ ᠳᠡᠰ ᠠᠴᠠ ᠳᠡᠭᠡᠭᠰᠢᠬᠢ ᠮᠠᠰᠢᠨ ᠲᠡᠷᠭᠡᠨ ᠤ ᠥᠷᠲᠡᠭᠡ᠂ ᠠᠶᠠᠨᠴᠢᠳ ᠤᠨ ᠵᠦᠭᠡᠭᠡᠪᠦᠷᠢ ᠶᠢᠨ ᠵᠠᠮ ᠱᠤᠭᠤᠮ᠂ ᠮᠤᠵᠢ ᠶᠢᠨ ᠬᠤᠭᠤᠷᠣᠨᠳᠣᠬᠢ ᠬᠤᠲᠠ ᠶᠢᠨ ᠬᠤᠭᠤᠷᠣᠨᠳᠣᠬᠢ ᠠᠶᠠᠨᠴᠢᠳ ᠤᠨ ᠵᠦᠭᠡᠭᠡᠪᠦᠷᠢ ᠶᠢᠨ ᠵᠠᠮ ᠱᠤᠭᠤᠮ ᠤᠨ ᠪᠠᠶᠢᠳᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠠᠰᠠᠭᠤᠳᠠᠯ ᠤᠨ ᠰᠢᠯᠲᠠᠭᠠᠨ ᠢ ᠵᠠᠳᠠᠯᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ  ᠡᠯᠧᠺᠲᠷᠣᠨ ᠲᠡᠷᠭᠡᠨ ᠪᠢᠯᠧᠲ ᠤᠨ ᠬᠡᠷᠡᠭᠯᠡᠯᠲᠡ ᠶᠢ ᠲᠦᠷᠭᠡᠪᠴᠢᠯᠡᠨ ᠪᠡᠶᠡᠯᠡᠭᠦᠯᠦᠨ᠎ᠡ᠃  ᠡᠯᠧᠺᠲᠷᠣᠨ ᠲᠡᠷᠭᠡᠨ ᠪᠢᠯᠧᠲ ᠤᠨ ᠬᠡᠯᠪᠡᠷᠢ ᠮᠠᠶ᠋ᠢᠭ ᠢ ᠵᠢᠷᠤᠮᠵᠢᠭᠤᠯᠵᠤ᠂ ᠪᠢᠯᠧᠲ ᠬᠤᠳᠠᠯᠳᠤᠬᠤ᠂ ᠪᠢᠯᠧᠲ ᠪᠤᠴᠠᠭᠠᠬᠤ ᠪᠠ ᠥᠭᠡᠷᠡᠴᠢᠯᠡᠬᠦ᠂ ᠪᠢᠯᠧᠲ ᠪᠠᠶᠢᠴᠠᠭᠠᠬᠤ ᠵᠡᠷᠭᠡ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠵᠤ᠂  ᠡᠯᠧᠺᠲᠷᠣᠨ ᠠᠶᠠᠨᠴᠢᠳ ᠤᠨ ᠪᠢᠯᠧᠲ ᠤᠨ ᠲᠤᠭ᠎ᠠ ᠪᠠᠷᠢᠮᠲᠠ ᠶᠢ ᠪᠦᠷᠢᠨ ᠪᠦᠲᠦᠨ ᠴᠠᠭ ᠲᠤᠬᠠᠢ ᠳᠤᠨᠢ ᠳᠠᠮᠵᠢᠭᠤᠯᠬᠤ ᠶᠢ ᠪᠠᠲᠤᠯᠠᠵᠤ᠂ ᠡᠯᠧᠺᠳ᠋ᠷᠣᠨ ᠠᠶᠠᠨᠴᠢᠳ ᠤᠨ ᠪᠢᠯᠧᠲ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠮᠠᠰᠢᠨ ᠲᠡᠷᠭᠡᠨ ᠤ ᠥᠷᠲᠡᠭᠡ ᠶᠢᠨ ᠪᠢᠯᠧᠲ ᠪᠠᠶᠢᠴᠠᠭᠠᠬᠤ ᠮᠠᠰᠢᠨ ᠲᠥᠬᠦᠭᠡᠷᠦᠮᠵᠢ ᠬᠤᠳᠠᠯᠳᠤᠬᠤ ᠶᠢ ᠵᠢᠯᠤᠭᠤᠳᠴᠤ᠂ ᠰᠢᠯᠵᠢᠶ᠎ᠡ᠂ ᠪᠢᠴᠢᠯ ᠫᠷᠣᠭ᠍ᠷᠠᠮ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠪᠢᠯᠧᠲ ᠬᠤᠳᠠᠯᠳᠤᠨ ᠠᠪᠬᠤ ᠶᠢ ᠲᠡᠮᠵᠢᠵᠦ᠂ ᠣᠯᠠᠨ ᠨᠡᠶᠢᠲᠡ ᠶᠢᠨ ᠴᠠᠭᠠᠰᠤ ᠬᠡᠷᠡᠭᠯᠡᠬᠦ ᠦᠭᠡᠢ ᠪᠠᠷ ᠶᠠᠪᠤᠵᠤ ᠰᠠᠭᠤᠬᠤ ᠣᠶᠢᠯᠠᠭᠠᠯᠲᠠ ᠶᠢ ᠳᠡᠭᠡᠭᠰᠢᠯᠡᠭᠦᠯᠦᠨ᠎ᠡ ᠭᠡᠵᠡᠢ᠃    ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠰᠢᠯᠵᠢᠶ᠎ᠡ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ